ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠪᠣᠯ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠴᠢᠬᠤᠯᠠ ᠰᠠᠭᠤᠷᠢ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ 《ᠲᠤᠯᠭ᠋ᠠᠭᠤᠷᠢ》ᠮᠥᠨ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠬᠦᠴᠦᠲᠡᠢ ᠲᠤᠯᠭ᠋ᠠᠭᠤᠷᠢᠯᠠᠯ ᠮᠥᠨ᠃
ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ 《ᠠᠮᠢᠨ ᠰᠤᠳᠠᠰᠤ》 ᠵᠢ ᠴᠢᠩᠭ᠎ᠠ ᠰᠠᠬᠢᠬᠤ᠎ᠪᠠᠷ ᠦᠨᠳᠦᠰᠦᠨ ᠵᠢᠷᠤᠮᠯᠠᠯ ᠪᠣᠯᠭ᠋ᠠᠬᠤ ᠵᠢ ᠪᠠᠷᠢᠮᠲᠠᠯᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ᠎ᠲᠠᠢ ᠨᠢᠭᠲᠠ ᠤᠶᠠᠯᠳᠤᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠬᠡᠮᠵᠢᠶ᠎ᠡ ᠶᠠᠰᠤ ᠴᠢᠨᠠᠷ᠎ᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠵᠢ ᠥᠷᠨᠢᠭᠦᠯᠵᠦ᠂ ᠬᠢᠨᠠᠨ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠬᠦ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠵᠢ ᠨᠡᠮᠡᠭᠳᠡᠭᠦᠯᠬᠦ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠤᠨ ᠬᠢᠨᠠᠨ ᠬᠠᠮᠢᠶᠠᠷᠤᠯᠲᠠ ᠵᠢᠨ ᠠᠵᠢᠯ᠎ᠤᠨ ᠵᠢᠷᠦᠮᠵᠢᠯᠲᠡ᠂ ᠤᠨᠤᠪᠴᠢᠯᠠᠯᠳᠠ᠂ ᠤᠶᠤᠨᠵᠢᠯᠳᠠ ᠵᠢ ᠲᠠᠰᠤᠷᠠᠯᠲᠠ ᠦᠭᠡᠢ ᠠᠬᠢᠭᠤᠯᠪᠠ᠃
ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠬᠢᠨᠠᠨ ᠬᠡᠮᠵᠢᠬᠦ ᠬᠠᠮᠢᠶᠠᠷᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠪᠡ
2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠴᠢᠭ ᠪᠠᠶ᠋ᠢᠷᠢ ᠵᠢᠨ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠡᠭᠡᠷᠡᠬᠢ ᠤᠰᠤᠨ᠎ᠤ ᠴᠢᠨᠠᠷ᠎ᠢ ᠠᠦ᠋ᠲ᠋ᠣ᠋ ᠬᠢᠨᠠᠨ ᠬᠡᠮᠵᠢᠬᠦ ᠥᠷᠲᠡᠭᠡ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ》 ᠵᠢ ᠨᠠᠢ᠌ᠷᠠᠭᠤᠯᠤᠨ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠥᠷᠲᠡᠭᠡ (ᠴᠢᠭ᠋) ᠵᠢᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠰᠢᠯᠤᠭᠤᠳᠬᠠᠪᠠ᠃ ᠡᠭᠦᠨ᠎ᠤ ᠬᠠᠮᠲᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠡᠩᠰᠡᠯᠡᠨ ᠬᠠᠮᠢᠶᠠᠷᠬᠤ ᠱᠠᠭ᠋ᠠᠷᠳᠠᠯᠭ᠎ᠠ ᠵᠢ ᠠᠷᠭ᠎ᠠ᠎ᠳᠤ ᠪᠢᠴᠢᠨ ᠣᠷᠣᠭᠤᠯᠵᠤ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠡᠩᠰᠡᠯᠡᠨ ᠬᠠᠮᠢᠶᠠᠷᠬᠤ ᠪᠠ ᠬᠢᠨᠠᠯᠲᠠ ᠲᠠᠯᠪᠢᠵᠤ ᠳᠡᠭᠡᠷ᠎ᠡ ᠳᠤᠷᠠᠳᠤᠭᠰᠠᠨ ᠠᠷᠭ᠎ᠠ ᠵᠢ ᠨᠡᠢ᠌ᠲᠡᠯᠡᠭᠰᠡᠨ᠎ᠨᠢ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠵᠢᠷᠤᠮᠵᠢᠭᠤᠯᠬᠤ᠂ ᠬᠠᠤᠯᠢᠵᠢᠭᠤᠯᠬᠤ᠎ᠳᠤ ᠴᠢᠩᠭ᠎ᠠ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠵᠠᠢ᠃
ᠣᠶᠤᠨᠴᠢ ᠬᠢᠨᠠᠨ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠬᠢᠨᠠᠨ ᠬᠡᠮᠵᠢᠬᠦ ᠶᠠᠰᠤ ᠴᠢᠨᠠᠷ᠎ᠤᠨ ᠬᠢᠨᠠᠨ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠪᠡ
ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠢᠨᠲ᠋ᠧᠷ ᠰᠦᠯᠵᠢᠶ᠎ᠡ +》᠎ᠳᠤ ᠲᠦᠰᠢᠭᠯᠡᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ᠃ ᠨᠢᠭᠡ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠬᠢᠷᠲᠤᠯ᠎ᠤᠨ ᠡᠬᠢ ᠵᠢ ᠬᠢᠨᠠᠨ ᠰᠢᠨᠵᠢᠬᠦ ᠲᠣᠭ᠎ᠠ ᠪᠠᠷᠢᠮᠲᠠ ᠵᠢᠨ ᠬᠠᠮᠢᠶᠠᠷᠤᠯᠲᠠ ᠬᠢᠭᠡᠳ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠠᠪᠴᠠᠩ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠴᠠᠭ ᠲᠤᠬᠠᠢᠳᠤᠨᠢ ᠮᠥᠷᠳᠡᠬᠦ ᠪᠠ ᠲᠣᠣᠷ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠬᠤ᠎ᠪᠠᠷ ᠳᠡᠮᠵᠢᠨ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠱᠠᠯᠠᠪᠳᠠᠭᠤᠯᠤᠨ ᠵᠢᠯᠤᠭᠣᠳᠴᠤ ᠪᠠᠶ᠋ᠢᠭ᠋ᠠᠳ ᠥᠪᠡᠰᠦᠪᠡᠨ ᠬᠢᠨᠠᠨ ᠰᠢᠨᠵᠢᠬᠦ ᠵᠢ ᠵᠢᠷᠤᠮᠵᠢᠭᠤᠯᠤᠨ ᠥᠷᠨᠢᠭᠦᠯᠵᠦ᠂ ᠬᠢᠨᠠᠨ ᠰᠢᠨᠵᠢᠬᠦ ᠲᠥᠰᠥᠯ ᠪᠠ ᠣᠨ᠎ᠤ ᠮᠡᠳᠡᠭᠦᠯᠦᠯᠲᠡ ᠵᠢ ᠴᠠᠭ ᠲᠤᠬᠠᠢᠳᠤᠨᠢ ᠢᠯᠡ ᠪᠣᠯᠭ᠋ᠠᠪᠠ᠃ ᠣᠳᠣᠬᠠᠨ᠎ᠳᠤ᠂ ᠪᠥᠬᠥ ᠣᠷᠣᠨ᠎ᠤ ᠥᠪᠡᠰᠦᠪᠡᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠰᠦᠯᠵᠢᠶᠡᠨ᠎ᠤ ᠨᠣᠷᠮ᠎ᠠ᠂ ᠨᠡᠢ᠌ᠲᠡᠯᠡᠭᠰᠡᠨ ᠨᠣᠷᠮ᠎ᠠ ᠪᠥᠬᠥ ᠤᠯᠤᠰ᠎ᠤᠨ ᠡᠮᠦᠨ᠎ᠡ ᠲᠠᠪᠤᠨ ᠨᠡᠷᠡᠰ᠎ᠲᠤ ᠲᠣᠳᠣᠷᠠᠪᠠ᠃ ᠨᠤᠢ᠌ᠬᠦᠭᠡ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠨᠠᠨ ᠬᠠᠮᠢᠶᠠᠷᠬᠤ ᠲᠠᠪᠴᠠᠩ᠎ᠢ ᠮᠡᠳᠡᠭᠡ ᠵᠠᠩᠭᠢ ᠵᠢ ᠳᠡᠩᠰᠡᠯᠡᠨ ᠬᠢᠨᠠᠬᠤ᠂ ᠬᠢᠨᠠᠨ ᠬᠡᠮᠵᠢᠬᠦ ᠡᠭᠦᠷᠭᠡ ᠵᠢ ᠳᠡᠭᠡᠭᠰᠢ ᠳᠠᠮᠵᠢᠭᠤᠯᠬᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠰᠢᠰᠲ᠋ᠧᠮ᠎ᠤᠨ ᠴᠢᠳᠠᠮᠵᠢ ᠵᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠲᠡᠭᠦᠨ᠎ᠤ ᠡᠭᠦᠷᠭᠡᠯᠡᠵᠦ ᠪᠦᠬᠦᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠵᠡᠷᠭᠡ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠠᠵᠢᠯᠯᠠᠭ᠎ᠠ ᠵᠢ ᠭᠣᠣᠯᠳᠠᠯᠭ᠎ᠠ᠎ᠲᠠᠢ ᠰᠤᠭᠤᠴᠢᠨ ᠪᠠᠢ᠌ᠴᠠᠭ᠋ᠠᠵᠤ᠂ ᠴᠤᠬᠤᠶ᠋ᠢᠯᠲᠠ ᠵᠢᠨ ᠴᠢᠨᠠᠷᠲᠠᠢ ᠬᠢᠨᠠᠯᠲᠠ ᠬᠠᠮᠢᠶᠠᠷᠤᠯᠲᠠ ᠵᠢᠨ ᠲᠦᠭᠰᠢᠭᠦᠷᠢ ᠵᠢ ᠡᠷᠲᠡᠬᠡᠨ ᠢᠯᠡᠷᠡᠭᠦᠯᠵᠦ ᠰᠡᠷᠭᠡᠢ᠌ᠯᠡᠬᠦ᠎ᠳᠤ ᠲᠤᠯᠭ᠋ᠠᠭᠤᠷᠢᠯᠠᠯ ᠬᠠᠩᠭ᠋ᠠᠪᠠ᠃ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠪᠣᠯᠣᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠬᠠᠮᠢᠶᠠᠷᠤᠯᠲᠠ ᠵᠢ ᠪᠦᠲᠦᠮᠵᠢᠲᠡᠢ ᠵᠣᠯᠭ᠋ᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠨᠡᠩ ᠰᠢᠨᠵᠢᠯᠡᠬᠦ ᠤᠬᠠᠭ᠋ᠠᠨᠴᠢ᠂ ᠪᠦᠬᠦ ᠲᠠᠯ᠎ᠠ ᠵᠢᠨ᠂ ᠴᠠᠭ ᠲᠤᠬᠠᠢᠳᠤᠨᠢ᠂ ᠣᠨᠣᠪᠴᠢᠲᠠᠢ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠵᠠᠢ᠃
ᠬᠠᠮᠲᠤᠷᠠᠨ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠵᠤ᠂ ᠬᠠᠤᠯᠢ᠎ᠠᠴᠠ ᠵᠥᠷᠢᠴᠡᠭᠰᠡᠨ ᠬᠡᠷᠡᠭ᠎ᠤᠨ ᠰᠦᠪᠡᠭᠴᠢ ᠵᠢ ᠬᠠᠷᠢᠯᠴᠠᠨ ᠬᠣᠯᠪᠣᠭ᠋ᠠᠯᠠᠵᠤ᠂ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠬᠠᠷᠢᠯᠴᠠᠨ ᠬᠠᠪᠰᠤᠷᠤᠯᠴᠠᠬᠤ ᠵᠢ ᠪᠡᠶᠡᠯᠡᠭᠦᠯᠪᠡ
2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠭᠦᠨᠵᠡᠭᠡᠢ᠌ᠷᠡᠭᠦᠯᠵᠦ᠂ ᠡᠯ᠎ᠡ ᠰᠠᠯᠠᠭ᠎ᠠ ᠮᠥᠴᠢᠷ᠎ᠢ ᠵᠣᠬᠢᠴᠠᠭᠤᠯᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠬᠠᠮᠲᠤ᠎ᠪᠠᠷ ᠴᠢᠩᠭ᠋ᠠᠳᠬᠠᠪᠠ᠃ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠬᠤ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 《ᠰᠠᠷ᠎ᠠ᠎ᠪᠠᠷ ᠰᠤᠭᠤᠴᠢᠨ ᠪᠠᠢ᠌ᠴᠠᠭ᠋ᠠᠵᠤ᠂ ᠤᠯᠠᠷᠢᠯ ᠵᠶ᠋ᠠᠷ ᠬᠠᠷᠢᠭᠤ ᠲᠤᠰᠬᠠᠬᠤ》 ᠠᠷᠭ᠎ᠠ ᠬᠡᠯᠪᠡᠷᠢ ᠵᠢ ᠠᠪᠴᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ᠎ᠳᠤ ᠰᠦᠯᠵᠢᠶ᠎ᠡ᠎ᠪᠠᠷ ᠰᠠᠷ᠎ᠠ᠎ᠪᠠᠷ ᠰᠤᠭᠤᠴᠢᠨ ᠪᠠᠢ᠌ᠴᠠᠭ᠋ᠠᠬᠤ ᠵᠢ ᠥᠷᠨᠢᠭᠦᠯᠬᠦ ᠵᠢᠨ ᠬᠠᠮᠲᠤ᠂ ᠤᠯᠠᠷᠢᠯ ᠵᠶ᠋ᠠᠷ ᠠᠰᠠᠭᠤᠳᠠᠯ᠎ᠤᠨ ᠨᠠᠷᠢᠨ ᠲᠠᠩᠰᠠ ᠵᠢ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠴᠡᠭᠴᠡᠯᠡᠨ ᠰᠠᠢ᠌ᠵᠢᠷᠠᠭᠤᠯᠬᠤ ᠵᠢ ᠱᠠᠭ᠋ᠠᠷᠳᠠᠵᠤ᠂ ᠪᠥᠬᠥ ᠵᠢᠯ᠎ᠳᠤ ᠨᠠᠢ᠌ᠳᠠ 1376 ᠠᠵᠤ ᠠᠬᠤᠢ᠌ᠯᠠᠯ᠎ᠢ ᠪᠠᠢ᠌ᠴᠠᠭ᠋ᠠᠪᠠ᠃ ᠡᠭᠦᠨ᠎ᠤ ᠬᠠᠮᠲᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠬᠦ ᠵᠡᠷᠭᠡ ᠡᠳᠦᠷ ᠲᠤᠲᠤᠮ᠎ᠤᠨ ᠬᠢᠨᠠᠨ ᠬᠡᠮᠵᠢᠬᠦ ᠶᠠᠰᠤ ᠴᠢᠨᠠᠷ᠎ᠤᠨ ᠬᠠᠮᠢᠶᠠᠷᠤᠯᠲᠠ ᠵᠢᠨ ᠤᠷᠲᠤᠳᠬᠠᠯ ᠪᠣᠯᠤᠭᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠪᠠᠢ᠌ᠭᠤᠯᠤᠮᠵᠢ ᠵᠢᠨ 《ᠬᠣᠶᠠᠷ᠎ᠢ ᠲᠠᠰᠢᠷᠠᠮ ᠳᠠᠭ᠋ᠠᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠥᠷᠨᠢᠭᠦᠯᠪᠡ᠃ ᠪᠥᠬᠥ ᠵᠢᠯ᠎ᠳᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ 60 ᠪᠠᠢ᠌ᠭᠤᠯᠤᠮᠵᠢ ᠵᠢ ᠰᠦᠯᠵᠢᠶ᠎ᠡ᠎ᠪᠠᠷ ᠰᠤᠭᠤᠴᠢᠨ ᠪᠠᠢ᠌ᠴᠠᠭ᠋ᠠᠵᠤ᠂ 113 ᠪᠠᠢ᠌ᠭᠤᠯᠤᠮᠵᠢ ᠵᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠪᠠ᠃
ᠤᠯᠤᠰ᠎ᠤᠨ ᠬᠢᠨᠠᠨ ᠬᠡᠮᠵᠢᠬᠦ ᠬᠢᠷᠢ ᠬᠡᠮ᠎ᠢ ᠣᠯᠵᠤ᠂ ᠣᠷᠴᠢᠨ ᠲᠣᠭᠣᠷᠢᠨ᠎ᠤ ᠬᠢᠨᠠᠨ ᠬᠡᠮᠵᠢᠬᠦ ᠦᠢ᠍ᠯᠡᠰ᠎ᠤᠨ ᠰᠠᠢ᠌ᠵᠢᠷᠠᠨ ᠭᠦᠨᠵᠡᠭᠡᠢ᠌ᠷᠡᠬᠦ ᠵᠢ ᠠᠬᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠴᠢ 12 ᠬᠤᠪᠢᠶᠠᠷᠢ ᠥᠷᠲᠡᠭᠡ᠎ᠨᠢ ᠬᠢᠨᠠᠨ ᠬᠡᠮᠵᠢᠯᠲᠡ ᠵᠢᠨ ᠠᠵᠢᠯ ᠦᠢ᠍ᠯᠡᠰ᠎ᠤᠨ ᠨᠢᠭᠡᠴᠢ ᠵᠢᠨ ᠥᠭᠡᠷᠡᠴᠢᠯᠡᠯᠲᠡ ᠵᠢᠨ ᠳᠠᠷᠠᠭ᠋ᠠᠬᠢ ᠪᠡᠶ᠎ᠡ᠎ᠪᠠᠨ ᠳᠠᠭ᠋ᠠᠭ᠋ᠠᠭᠰᠠᠨ ᠴᠢᠨᠠᠷ᠂ ᠲᠤᠰᠬᠠᠢ ᠮᠡᠷᠭᠡᠵᠢᠯ᠎ᠤᠨ ᠴᠢᠨᠠᠷ ᠵᠶ᠋ᠠᠨ ᠪᠠᠲᠤᠯᠠᠭᠰᠠᠨ ᠨᠡᠢ᠌ᠲᠡᠯᠢᠭ ᠵᠢᠱ᠌ᠢᠶ᠎ᠡ ᠪᠣᠯᠤᠭᠰᠠᠨ᠎ᠤ ᠬᠤᠪᠢ᠎ᠳᠤ᠂ ᠤᠯᠤᠰ᠎ᠤᠨ ᠲᠠᠰ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠵᠤ ᠬᠢᠨᠠᠨ ᠲᠣᠭᠲᠠᠭ᠋ᠠᠬᠤ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠴᠢ 12 ᠬᠤᠪᠢᠶᠠᠷᠢ ᠥᠷᠲᠡᠭᠡ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠲᠣᠭᠲᠠᠭ᠋ᠠᠬᠤ ᠳᠤᠭᠤᠢ᠌ᠯᠠᠩ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠬᠢᠨᠠᠨ ᠲᠣᠭᠲᠠᠭ᠋ᠠᠯᠲᠠ ᠵᠢ ᠥᠩᠭᠡᠷᠡᠭᠡᠵᠦ᠂ ᠨᠠᠢ᠌ᠳᠠ 12 ᠶᠡᠬᠡ ᠲᠥᠷᠥᠯ᠎ᠤᠨ 1829 ᠵᠦᠢ᠍ᠯ᠎ᠤᠨ ᠲᠥᠷᠥᠯ ᠵᠦᠢ᠍ᠯ᠎ᠢ ᠮᠠᠭ᠋ᠠᠳᠯᠠᠨ ᠲᠣᠭᠲᠠᠭ᠋ᠠᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠴᠢ 12 ᠬᠤᠪᠢᠶᠠᠷᠢ ᠥᠷᠲᠡᠭᠡ ᠵᠢ ᠤᠯᠤᠰ᠎ᠤᠨ ᠲᠠᠰ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠵᠤ ᠬᠢᠨᠠᠨ ᠲᠣᠭᠲᠠᠭ᠋ᠠᠬᠤ ᠬᠠᠮᠢᠶᠠᠷᠤᠯᠲᠠ᠎ᠳᠤ ᠣᠷᠣᠭᠤᠯᠪᠠ᠃ ᠤᠯᠤᠰ᠎ᠤᠨ ᠲᠡᠰ᠎ᠤᠨ ᠬᠢᠨᠠᠨ ᠬᠡᠮᠵᠢᠬᠦ ᠬᠢᠷᠢ ᠬᠡᠮ᠎ᠤᠨ ᠵᠥᠪᠰᠢᠶᠡᠷᠡᠯ ᠵᠢ ᠣᠯᠬᠤ᠎ᠨᠢ ᠥᠪᠡᠷᠲᠡᠭᠡᠨ ᠵᠠᠰᠠᠬᠤ ᠣᠷᠣᠨ᠎ᠤ ᠬᠢᠨᠠᠨ ᠬᠡᠮᠵᠢᠬᠦ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠬᠡᠮᠵᠢᠬᠦ ᠪᠦᠬᠦᠯᠢ ᠴᠣᠭᠴᠠ ᠵᠢᠨ ᠮᠡᠷᠭᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠣᠷᠴᠢᠨ ᠲᠣᠭᠣᠷᠢᠨ᠎ᠤ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠬᠢᠨᠠᠨ ᠬᠡᠮᠵᠢᠬᠦ ᠵᠢ ᠤᠷᠢᠳ ᠵᠶ᠋ᠠᠷ ᠬᠡᠷᠡᠭᠵᠢᠭᠦᠯᠬᠦ᠂ ᠬᠢᠨᠠᠨ ᠬᠡᠮᠵᠢᠬᠦ᠎ᠳᠤ ᠬᠤᠷᠴᠠ ᠰᠡᠷᠭᠡᠭ᠂ ᠬᠢᠨᠠᠨ ᠬᠡᠮᠵᠢᠬᠦ᠎ᠳᠤ ᠣᠨᠣᠪᠴᠢᠲᠠᠢ ᠪᠠᠶ᠋ᠢᠬᠤ᠎ᠪᠠᠷ ᠤᠳᠤᠷᠢᠳᠤᠮᠵᠢ ᠪᠣᠯᠭ᠋ᠠᠵᠤ᠂ ᠨᠡᠩ ᠥᠨᠳᠥᠷ ᠪᠠᠷᠢᠮᠵᠢᠶ᠎ᠠ᠎ᠪᠠᠷ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ 《ᠦᠨᠡᠨ᠂ ᠣᠨᠣᠪᠴᠢᠲᠠᠢ᠂ ᠪᠦᠷᠢᠨ᠂ ᠲᠦᠷᠭᠡᠨ᠂ ᠰᠢᠨ᠎ᠡ》 ᠪᠠᠶ᠋ᠢᠬᠤ ᠵᠢ ᠪᠠᠲᠤᠯᠠᠵᠤ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ ᠵᠢ ᠪᠡᠬᠢᠵᠢᠭᠦᠯᠵᠦ᠂ ᠪᠣᠬᠢᠷᠲᠤᠯ᠎ᠤᠨ ᠡᠬᠢ ᠵᠢ ᠬᠢᠨᠠᠨ ᠬᠡᠮᠵᠢᠬᠦ ᠵᠢ ᠴᠢᠩᠭ᠋ᠠᠳᠬᠠᠵᠤ᠂ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ ᠵᠢ ᠥᠷᠭᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠬᠤ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠳᠠᠪᠰᠢᠯᠲᠠ ᠵᠢ ᠪᠡᠶᠡᠯᠡᠭᠦᠯᠬᠦ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠨ᠎ᠡ᠃