ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ
ᠡᠯᠡᠰᠦ ᠲᠣᠭᠣᠰᠣᠨ᠎ᠤ ᠡᠬᠢ ᠰᠤᠷᠪᠤᠯᠵᠢ ᠵᠢ ᠬᠢᠨᠠᠨ ᠬᠡᠮᠵᠢᠵᠦ ᠵᠠᠳᠠᠯᠤᠯᠲᠠ ᠬᠢᠬᠦ ᠵᠢ ᠴᠢᠩᠭ᠋ᠠᠳᠬᠠᠵᠤ ᠴᠦᠯᠯᠡᠷᠬᠡᠭᠵᠢᠯ᠎ᠢ ᠶᠡᠷᠦᠩᠬᠡᠢ᠌ᠯᠡᠨ ᠵᠠᠰᠠᠬᠤ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2023-12-18

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠣᠲᠣᠭ᠋ᠠᠳᠤ᠎ᠳᠠᠭᠠᠨ ᠨᠠᠢ᠍ᠮᠠᠨ ᠮᠤᠵᠢ᠎ᠲᠠᠢ ᠬᠣᠯᠪᠣᠯᠳᠤᠵᠤ᠂ ᠪᠡᠭᠡᠵᠢᠩ ᠲᠢᠶᠠᠨᠵᠢᠨ᠎ᠢ ᠬᠠᠮᠠᠭ᠋ᠠᠯᠠᠨ᠂ ᠤᠮᠠᠷᠠᠲᠤ ᠣᠷᠣᠨ᠎ᠤ ᠤᠯᠠᠷᠢᠯ᠎ᠤᠨ ᠰᠠᠯᠬᠢ ᠪᠠ ᠡᠯᠡᠰᠦ ᠲᠣᠭᠣᠰᠣ ᠵᠡᠭᠦᠨᠰᠢ ᠰᠢᠯᠵᠢᠵᠦ ᠡᠮᠦᠨᠡᠰᠢ ᠣᠷᠣᠬᠤ ᠭᠣᠣᠯ ᠵᠠᠮ᠎ᠢ ᠡᠵᠡᠯᠡᠵᠦ᠂ ᠮᠠᠨ᠎ᠤ ᠤᠯᠤᠰ᠎ᠤᠨ ᠤᠮᠠᠷᠠᠲᠤ ᠣᠷᠣᠨ᠎ᠤ ᠡᠯᠡᠰᠦ ᠵᠢ ᠰᠡᠷᠭᠡᠢ᠌ᠯᠡᠬᠦ ᠪᠦᠰᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ᠎ᠲᠠᠢ ᠣᠷᠣᠨ ᠪᠣᠯᠣᠨ᠎ᠠ᠃ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ᠂ ᠴᠦᠯᠯᠡᠷᠭᠡᠭᠵᠢᠯ᠎ᠢ ᠶᠡᠷᠦᠩᠬᠡᠢ᠌ᠯᠡᠨ ᠵᠠᠰᠠᠬᠤ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠵᠢ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠭᠣᠣᠯ ᠡᠭᠦᠷᠭᠡ ᠪᠣᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2001 ᠣᠨ᠎ᠠᠴᠠ ᠡᠬᠢᠯᠡᠨ ᠡᠯᠡᠰᠦ ᠲᠣᠭᠣᠰᠣᠲᠤ ᠴᠠᠭ ᠠᠭᠤᠷ᠎ᠤᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠨᠥᠯᠥᠭᠡᠯᠡᠬᠦ ᠬᠢᠨᠠᠨ ᠬᠡᠮᠵᠢᠬᠦ ᠠᠵᠢᠯ᠎ᠢ ᠥᠷᠨᠢᠭᠦᠯᠪᠡ᠃ ᠣᠳᠣ ᠪᠣᠯᠲᠠᠯ᠎ᠠ᠂ ᠪᠦᠬᠦ ᠣᠷᠣᠨ᠎ᠤ 12 ᠠᠶ᠋ᠢᠮᠠᠭ ᠬᠣᠲᠠ᠎ᠳᠤ ᠡᠯᠡᠰᠦ ᠲᠣᠭᠣᠰᠣ ᠵᠢ ᠬᠢᠨᠠᠨ ᠬᠡᠮᠵᠢᠬᠦ ᠥᠷᠲᠡᠭᠡ ᠴᠡᠭ᠎ᠢ ᠨᠠᠢ᠌ᠳᠠ 21 ᠪᠠᠢ᠌ᠷᠢᠯᠠᠭᠤᠯᠵᠤ᠂ 24 ᠴᠠᠭ᠎ᠤᠨ ᠦᠷᠭᠦᠯᠵᠢᠯᠡᠭᠰᠡᠨ ᠬᠢᠨᠠᠨ ᠬᠡᠮᠵᠢᠯᠲᠡ ᠵᠢ ᠥᠷᠨᠢᠭᠦᠯᠦᠭᠡᠳ ᠡᠯᠡᠰᠦ ᠲᠣᠭᠣᠰᠣᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠨᠠᠢ᠌ᠳᠠ 1800 ᠭᠠᠷᠤᠢ ᠲᠦᠮᠡ ᠣᠯᠵᠤ᠂ ᠪᠥᠬᠥ ᠤᠯᠤᠰ᠎ᠤᠨ ᠴᠣᠷ᠎ᠤᠨ ᠭᠠᠭᠴᠠ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠲᠠᠢ ᠰᠦᠯᠵᠢᠶᠡᠨ᠎ᠳᠤ ᠬᠣᠯᠪᠣᠨ ᠠᠵᠢᠯᠯᠠᠵᠤ ᠪᠠᠢ᠌ᠭ᠎ᠠ ᠡᠯᠡᠰᠦ ᠲᠣᠭᠣᠰᠣᠨ᠎ᠤ ᠴᠠᠭ ᠠᠭᠤᠷ᠎ᠤᠨ ᠬᠢᠨᠠᠨ ᠬᠡᠮᠵᠢᠯᠲᠡ ᠵᠢᠨ ᠰᠢᠰᠲ᠋ᠧᠮ ᠪᠣᠯᠵᠤ᠂ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠣᠯᠢᠮᠫᠢᠺ᠎ᠤᠨ ᠴᠤᠭᠯᠠᠭ᠋ᠠᠨ ᠵᠡᠷᠭᠡ ᠴᠢᠬᠤᠯᠠ ᠶᠡᠬᠡ ᠠᠵᠢᠯᠯᠠᠭ᠎ᠠ ᠵᠢᠨ ᠠᠭ᠋ᠠᠷ᠎ᠤᠨ ᠶᠠᠰᠤ ᠴᠢᠨᠠᠷ᠎ᠢ ᠪᠠᠲᠤᠯᠠᠬᠤ ᠠᠵᠢᠯ᠎ᠳᠤ ᠶᠡᠬᠡ ᠬᠡᠮᠵᠢᠶᠡᠨ᠎ᠤ ᠪᠦᠲᠦᠮᠵᠢᠲᠡᠢ ᠲᠣᠭ᠎ᠠ ᠪᠠᠷᠢᠮᠲᠠ ᠬᠠᠩᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠤᠲᠠᠯᠠᠯᠲᠠ ᠵᠢ ᠣᠯᠣᠭᠰᠠᠨ ᠪᠠᠢ᠌ᠨ᠎ᠠ᠃

      ᠡᠯᠡᠰᠦ ᠲᠣᠭᠣᠰᠣᠨ᠎ᠤ ᠴᠠᠭ ᠠᠭᠤᠷ᠎ᠤᠨ ᠪᠦᠷᠢᠯᠳᠦᠬᠦ ᠲᠣᠭᠲᠠᠴᠠ᠂ ᠳᠠᠮᠵᠢᠭᠤᠯᠬᠤ ᠵᠠᠮ ᠪᠣᠯᠣᠨ ᠨᠥᠯᠥᠭᠡᠯᠡᠬᠦ ᠬᠡᠮᠵᠢᠶ᠎ᠡ ᠵᠢ ᠨᠡᠩ ᠰᠠᠶ᠋ᠢᠲᠤᠷ ᠣᠢ᠌ᠯᠠᠭ᠋ᠠᠵᠤ᠂ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠵᠢ ᠰᠢᠨᠵᠢᠯᠡᠬᠦ ᠤᠬᠠᠭ᠋ᠠᠨᠴᠢ᠎ᠪᠠᠷ ᠲᠤᠯᠭ᠋ᠠᠭᠤᠷᠢᠯᠠᠬᠤ ᠵᠢᠨ ᠲᠥᠯᠥᠭᠡ᠂ ᠮᠠᠨ᠎ᠤ ᠲᠢᠩᠬᠢᠮ ᠡᠯᠡᠰᠦ ᠲᠣᠭᠣᠰᠣᠨ᠎ᠤ ᠬᠢᠨᠠᠨ ᠬᠡᠮᠵᠢᠯᠲᠡ ᠵᠢᠨ ᠰᠢᠰᠲ᠋ᠧᠮ᠎ᠤᠨ ᠪᠠᠢ᠌ᠭᠤᠯᠤᠯᠲᠠ᠂ ᠤᠷᠢᠳᠴᠢᠯᠠᠨ ᠮᠡᠳᠡᠭᠡᠯᠡᠬᠦ ᠵᠢᠱ᠌ᠢᠯᠲᠡ᠂ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠪᠣᠯᠣᠨ ᠡᠩᠨᠡᠭᠡ ᠵᠢᠨ ᠬᠥᠮᠥᠵᠢᠭᠦᠯᠦᠯ ᠵᠡᠷᠭᠡ ᠳᠦᠷᠪᠡᠨ ᠲᠠᠯ᠎ᠠ᠎ᠠᠴᠠ ᠬᠦᠴᠦᠯᠡᠵᠦ᠂ ᠥᠷᠲᠡᠭᠡ ᠲᠣᠣᠷ᠎ᠤᠨ ᠪᠠᠢ᠌ᠷᠢᠰᠢᠭᠤᠯᠤᠯᠲᠠ ᠵᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠮᠡᠷᠭᠡᠵᠢᠯ᠎ᠤᠨ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠬᠢᠨᠠᠨ ᠬᠡᠮᠵᠢᠬᠦ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠪᠡ᠃ ᠨᠢᠭᠡ᠎ᠳᠤ ᠥᠪᠥᠷ ᠮᠣᠩᠭᠣᠯ᠎ᠤᠨ ᠡᠯᠡᠰᠦᠨ ᠰᠢᠭᠤᠷᠭ᠎ᠠ ᠵᠢᠨ ᠴᠠᠭ ᠠᠭᠤᠷ᠎ᠢ ᠬᠢᠨᠠᠨ ᠬᠡᠮᠵᠢᠬᠦ ᠲᠣᠣᠷ ᠰᠦᠯᠵᠢᠶ᠎ᠡ ᠵᠢ ᠥᠪᠥᠷ ᠮᠣᠩᠭᠣᠯ᠎ᠤᠨ ᠡᠯᠡᠰᠦ ᠲᠣᠭᠣᠰᠣᠨ᠎ᠤ ᠬᠢᠨᠠᠨ ᠬᠡᠮᠵᠢᠯᠲᠡ ᠵᠢᠨ ᠲᠣᠣᠷ᠎ᠨᠢ ᠭᠠᠷ ᠤᠷᠠᠯᠠᠯ᠎ᠠᠴᠠ ᠠᠦ᠋ᠲ᠋ᠣ᠋ ᠪᠣᠯᠵᠤ ᠳᠠᠬᠢᠨ ᠵᠢᠮ᠎ᠡ ᠬᠠᠤᠯᠢ ᠵᠢᠨ ᠰᠢᠯᠲᠠᠭ᠋ᠠᠨ᠎ᠤ ᠬᠢᠨᠠᠨ ᠬᠡᠮᠵᠢᠯᠲᠡ᠎ᠳᠤ ᠰᠢᠯᠵᠢᠬᠦ ᠬᠤᠪᠢᠷᠠᠯᠲᠠ ᠵᠢ ᠥᠩᠭᠡᠷᠡᠭᠡᠵᠦ᠂ 2001 ᠣᠨ᠎ᠳᠤ 10 ᠭᠠᠷ ᠵᠶ᠋ᠠᠷ ᠬᠢᠨᠠᠨ ᠬᠡᠮᠵᠢᠬᠦ ᠴᠡᠭ᠎ᠠᠴᠠ ᠣᠳᠣᠬᠠᠨ᠎ᠤ 21 ᠠᠦ᠋ᠲ᠋ᠣ᠋ ᠬᠢᠨᠠᠨ ᠬᠡᠮᠵᠢᠬᠦ ᠥᠷᠲᠡᠭᠡ ᠴᠡᠭ ᠬᠦᠷᠲᠡᠯ᠎ᠡ᠂ ᠥᠪᠥᠷ ᠮᠣᠩᠭᠣᠯ᠎ᠤᠨ ᠡᠯᠡᠰᠦ ᠲᠣᠭᠣᠰᠣᠨ᠎ᠤ ᠡᠭᠦᠰᠦᠯ᠎ᠤᠨ ᠭᠠᠵᠠᠷ᠂ ᠡᠭᠦᠰᠦᠯ᠎ᠤᠨ ᠭᠠᠵᠠᠷ ᠵᠢᠴᠢ ᠡᠯᠡᠰᠦ ᠲᠣᠭᠣᠰᠣᠨ᠎ᠤ ᠴᠠᠭ ᠠᠭᠤᠷ᠎ᠤᠨ ᠨᠥᠯᠥᠭᠡ ᠵᠢ ᠭᠥᠷᠳᠡᠵᠦ ᠮᠡᠳᠡᠬᠦ ᠳᠣᠣᠷᠠᠳᠤ ᠤᠷᠤᠰᠬᠠᠯ᠎ᠤᠨ ᠣᠷᠣᠨ ᠪᠦᠰᠡ ᠵᠢ ᠦᠨᠳᠦᠰᠦᠨ᠎ᠳᠡᠭᠡᠨ ᠬᠠᠮᠤᠷᠴᠤ᠂ ᠤᠯᠤᠰ᠎ᠤᠨ ᠡᠯᠡᠰᠦ ᠲᠣᠭᠣᠰᠣᠨ᠎ᠤ ᠴᠠᠭ ᠠᠭᠤᠷ᠎ᠤᠨ ᠶᠠᠪᠤᠴᠠ ᠵᠢᠴᠢ ᠪᠦᠲᠦᠭᠰᠡᠨ ᠰᠢᠯᠲᠠᠭ᠋ᠠᠨ᠎ᠢ ᠵᠠᠳᠠᠯᠤᠨ ᠰᠤᠳᠤᠯᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃ ᠬᠣᠶᠠᠷ᠎ᠲᠤ ᠡᠯᠡᠰᠦ ᠲᠣᠭᠣᠰᠣᠨ᠎ᠤ ᠲᠣᠭ᠎ᠠ ᠬᠡᠮᠵᠢᠭᠳᠡᠯ᠎ᠢ ᠤᠷᠢᠳᠴᠢᠯᠠᠨ ᠮᠡᠳᠡᠭᠡᠯᠡᠬᠦ ᠮᠡᠷᠭᠡᠵᠢᠯ᠎ᠤᠨ ᠰᠢᠰᠲ᠋ᠧᠮ᠎ᠢ ᠪᠠᠢ᠌ᠭᠤᠯᠪᠠ᠃ ᠮᠠᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠰᠢᠭᠢᠳᠬᠡᠭᠰᠡᠨ ᠰᠦᠯᠵᠢᠶᠡᠨ᠎ᠤ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠠᠭᠪᠤᠷ᠎ᠤᠨ ᠰᠢᠰᠲ᠋ᠧᠮ ᠵᠢᠴᠢ ᠡᠯᠡᠰᠦ ᠲᠣᠭᠣᠰᠣᠨ᠎ᠤ ᠲᠣᠭ᠎ᠠ ᠬᠡᠮᠵᠢᠭᠳᠡᠯ᠎ᠢ ᠤᠷᠢᠳᠴᠢᠯᠠᠨ ᠮᠡᠳᠡᠭᠡᠯᠡᠬᠦ ᠵᠠᠭᠪᠤᠷ᠎ᠲᠤ ᠲᠦᠰᠢᠭᠯᠡᠨ᠂ ᠥᠪᠥᠷ ᠮᠣᠩᠭᠣᠯ ᠪᠥᠬᠥ ᠤᠯᠤᠰ᠎ᠤᠨ ᠬᠡᠪᠴᠢᠶᠡᠨ᠎ᠳᠤ ᠡᠯᠡᠰᠦ ᠲᠣᠭᠣᠰᠣᠨ᠎ᠤ ᠴᠠᠭ ᠠᠭᠤᠷ᠎ᠤᠨ ᠤᠷᠢᠳᠴᠢᠯᠠᠨ ᠮᠡᠳᠡᠭᠡᠯᠡᠬᠦ ᠮᠡᠷᠭᠡᠵᠢᠯ᠎ᠤᠨ ᠰᠢᠰᠲ᠋ᠧᠮᠵᠢ ᠵᠢ ᠡᠩ ᠲᠡᠷᠢᠭᠦᠨ᠎ᠳᠤ ᠪᠠᠢ᠌ᠭᠤᠯᠬᠤ ᠵᠢᠨ ᠬᠠᠮᠲᠤ ᠢᠷᠡᠭᠡᠳᠦᠢ ᠵᠢᠨ 7 — 10 ᠡᠳᠦᠷ᠎ᠤᠨ ᠡᠯᠡᠰᠦ ᠲᠣᠭᠣᠰᠣᠨ᠎ᠤ ᠨᠥᠯᠥᠭᠡ ᠵᠢ ᠴᠠᠭ ᠳᠠᠷᠠᠭ᠋ᠠᠯᠠᠨ ᠨᠠᠷᠢᠯᠢᠭᠵᠢᠭᠤᠯᠤᠨ ᠤᠷᠢᠳᠴᠢᠯᠠᠨ ᠮᠡᠳᠡᠭᠡᠯᠡᠬᠦ ᠠᠵᠢᠯ᠎ᠢ ᠥᠷᠨᠢᠭᠦᠯᠦᠨ᠎ᠡ᠃ ᠡᠭᠦᠨ᠎ᠤ ᠬᠠᠮᠲᠤ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ ᠵᠢᠨ ᠪᠠᠶ᠋ᠢᠳᠠᠯ᠂ ᠬᠥᠷᠥᠰᠥ ᠰᠢᠷᠣᠢ ᠵᠢᠨ ᠲᠥᠷᠥᠯ ᠬᠡᠯᠪᠡᠷᠢ᠂ ᠮᠥᠰᠥ ᠴᠠᠰᠤᠨ᠎ᠤ ᠪᠦᠷᠬᠦᠴᠡ᠂ ᠭᠠᠵᠠᠷ᠎ᠤᠨ ᠭᠠᠳᠠᠷᠭᠤ᠎ᠠᠴᠠ ᠤᠢ᠌ᠷᠠᠯᠴᠠᠭ᠎ᠠ ᠴᠢᠭᠢᠭᠲᠦᠴᠡ ᠵᠢᠴᠢ ᠴᠠᠭ ᠠᠭᠤᠷ᠎ᠤᠨ ᠰᠢᠰᠲ᠋ᠧᠮ ᠵᠡᠷᠭᠡ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠦᠷᠭᠦᠯᠵᠢᠯᠡᠨ ᠰᠢᠨᠡᠳᠬᠡᠨ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠡᠯᠡᠰᠦ ᠳᠡᠭᠳᠡᠬᠦ ᠨᠡᠪᠲᠡᠷᠡᠯᠲᠡ ᠵᠢᠨ ᠬᠡᠮᠵᠢᠶ᠎ᠡ ᠵᠢᠨ ᠳᠠᠭᠤᠷᠢᠶᠠᠮᠠᠯ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠡᠰᠦ ᠲᠣᠭᠣᠰᠣᠨ᠎ᠤ ᠴᠠᠭ ᠠᠭᠤᠷ᠎ᠤᠨ ᠶᠠᠪᠤᠴᠠ ᠵᠢ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠨᠣᠷᠮ᠎ᠠ ᠵᠢ ᠳᠡᠭᠡᠭᠰᠢᠯᠡᠭᠦᠯᠵᠦ᠂ 2023 ᠣᠨ᠎ᠤ ᠡᠯᠡᠰᠦ ᠲᠣᠭᠣᠰᠣᠨ᠎ᠤ ᠶᠠᠪᠤᠴᠠ ᠵᠢ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠨᠣᠷᠮ᠎ᠠ ᠵᠢ 100%᠎ᠳᠤ ᠣᠢ᠌ᠷᠠᠲᠤᠭᠤᠯᠤᠨ᠎ᠠ᠃ ᠭᠤᠷᠪᠠ᠎ᠳᠤ ᠶᠠᠰᠤ ᠴᠢᠨᠠᠷ᠎ᠤᠨ ᠡᠵᠡᠮᠳᠡᠯ᠎ᠤᠨ ᠪᠠᠢ᠌ᠩᠭᠤ ᠵᠢᠨ ᠬᠠᠮᠢᠶᠠᠷᠤᠯᠲᠠ ᠵᠢ ᠥᠷᠨᠢᠭᠦᠯᠪᠡ᠃ ᠮᠠᠨ᠎ᠤ ᠲᠢᠩᠬᠢᠮ ᠵᠢᠯ ᠪᠦᠷᠢ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠂ ᠣᠷᠣᠨ ᠨᠤᠲᠤᠭ᠎ᠤᠨ ᠪᠠᠲᠤᠯᠠᠪᠤᠷᠢ ᠵᠢᠨ ᠨᠢᠭᠡᠴᠢ ᠪᠣᠯᠣᠨ ᠲᠥᠬᠦᠭᠡᠷᠦᠮᠵᠢ ᠵᠢᠨ ᠦᠢ᠍ᠯᠡᠳᠪᠦᠷᠢ ᠵᠢᠨ ᠲᠠᠯ᠎ᠠ ᠵᠢ ᠵᠣᠬᠢᠶᠠᠨ ᠪᠠᠢ᠌ᠭᠤᠯᠵᠤ᠂ ᠭᠤᠷᠪᠠᠨ ᠲᠠᠯ᠎ᠠ᠎ᠪᠠᠷ ᠵᠶ᠋ᠠᠨ ᠬᠠᠮᠵᠢᠯᠴᠠᠬᠤ ᠬᠡᠯᠪᠡᠷᠢ᠎ᠪᠠᠷ ᠥᠷᠲᠡᠭᠡ ᠴᠡᠭ᠎ᠤᠨ ᠶᠠᠰᠤ ᠴᠢᠨᠠᠷ᠎ᠤᠨ ᠲᠣᠭᠣᠷᠢᠨ ᠪᠠᠢ᠌ᠴᠠᠭ᠋ᠠᠯᠲᠠ ᠵᠢ ᠥᠷᠨᠢᠭᠦᠯᠵᠦ᠂ ᠠᠵᠢᠯᠯᠠᠭ᠋ᠠᠨ᠎ᠤ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠬᠡᠮ ᠰᠣᠭᠣᠭ᠎ᠢ ᠲᠤᠬᠠᠢ ᠵᠢᠨ ᠲᠠᠯᠠᠪᠤᠷ᠎ᠲᠤᠨᠢ ᠰᠢᠢ᠍ᠳᠪᠦᠷᠢᠯᠡᠬᠦ ᠵᠢᠨ ᠬᠠᠮᠲᠤ ᠬᠠᠮᠠᠭ᠋ᠠᠯᠠᠬᠤ ᠱᠠᠭ᠋ᠠᠷᠳᠠᠯᠭ᠎ᠠ ᠵᠢᠨ ᠲᠤᠬᠠᠢ ᠮᠡᠷᠭᠡᠵᠢᠯ᠎ᠤᠨ ᠵᠢᠯᠣᠭᠣᠳᠤᠯᠭ᠎ᠠ ᠪᠣᠯᠣᠨ ᠲᠤᠬᠠᠢ ᠵᠢᠨ ᠲᠠᠯᠠᠪᠤᠷ᠎ᠤᠨ ᠪᠣᠯᠪᠠᠰᠤᠷᠠᠯ ᠬᠢᠵᠦ᠂ ᠤᠯᠠᠨ ᠵᠢᠯ᠎ᠤᠨ ᠲᠤᠷᠰᠢ ᠥᠪᠡᠷᠲᠡᠭᠡᠨ ᠵᠠᠰᠠᠬᠤ ᠣᠷᠣᠨ᠎ᠤ ᠡᠯᠡᠰᠦᠨ ᠰᠢᠭᠤᠷᠭ᠎ᠠ ᠵᠢᠨ ᠬᠢᠨᠠᠨ ᠬᠡᠮᠵᠢᠯᠲᠡ ᠵᠢ ᠶᠡᠷᠦ᠎ᠠᠴᠠ ᠲᠠᠰᠤᠯᠳᠠᠭᠤᠯᠤᠭᠰᠠᠨ ᠦᠭᠡᠢ᠂ ᠲᠣᠭ᠎ᠠ ᠪᠠᠷᠢᠮᠲᠠ ᠵᠢᠨ ᠳᠠᠮᠵᠢᠭᠤᠯᠭ᠎ᠠ ᠵᠢ ᠲᠣᠭᠲᠠᠪᠤᠷᠢᠵᠢᠭᠤᠯᠵᠠᠢ᠃ ᠳᠥᠷᠪᠡ᠎ᠳᠤ᠂ ᠲᠤᠰᠬᠠᠢ᠌ᠵᠢᠭᠰᠠᠨ ᠡᠯᠡᠰᠦ ᠲᠣᠭᠣᠰᠣ ᠵᠢ ᠬᠢᠨᠠᠨ ᠬᠡᠮᠵᠢᠬᠦ ᠡᠩᠨᠡᠭᠡ ᠵᠢ ᠪᠠᠢ᠌ᠭᠤᠯᠪᠠ᠃ ᠡᠯᠡᠰᠦ ᠲᠣᠭᠣᠰᠣ ᠵᠢ ᠬᠢᠨᠠᠨ ᠬᠡᠮᠵᠢᠬᠦ ᠠᠵᠢᠯᠲᠠᠨ᠎ᠤ ᠪᠤᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠬᠦ᠎ᠪᠠᠷ ᠳᠠᠮᠵᠢᠭᠤᠯᠤᠨ᠂ ᠬᠢᠨᠠᠨ ᠬᠡᠮᠵᠢᠬᠦ ᠮᠡᠷᠭᠡᠵᠢᠯ᠂ ᠶᠠᠰᠤ ᠴᠢᠨᠠᠷ᠎ᠤᠨ ᠬᠠᠮᠢᠶᠠᠷᠤᠯᠲᠠ᠂ ᠲᠣᠭ᠎ᠠ ᠪᠠᠷᠢᠮᠲᠠ ᠵᠢ ᠵᠠᠳᠠᠯᠤᠨ ᠰᠤᠳᠤᠯᠬᠤ ᠵᠡᠷᠭᠡ ᠤᠯᠠᠨ ᠲᠠᠯ᠎ᠠ᠎ᠪᠠᠷ ᠠᠵᠢᠯᠲᠠᠨ᠎ᠤ ᠬᠡᠪ ᠴᠢᠨᠠᠷ᠎ᠢ ᠳᠡᠭᠡᠭᠰᠢᠯᠡᠭᠦᠯᠵᠦ᠂ ᠮᠡᠷᠭᠡᠵᠢᠯ ᠵᠶ᠋ᠡᠷ ᠴᠠᠭ᠋ᠠᠷᠠᠭᠰᠠᠨ ᠥᠪᠥᠷ ᠮᠣᠩᠭᠣᠯ᠎ᠤᠨ ᠡᠯᠡᠰᠦ ᠲᠣᠭᠣᠰᠣ ᠵᠢᠨ ᠴᠠᠭ ᠠᠭᠤᠷ᠎ᠢ ᠬᠢᠨᠠᠨ ᠬᠡᠮᠵᠢᠬᠦ ᠨᠢᠭᠡᠨ ᠰᠠᠯᠠᠭ᠎ᠠ ᠪᠦᠯᠬᠦᠮ ᠨᠠᠢ᠌ᠳᠠ ᠵᠢ ᠪᠠᠢ᠌ᠭᠤᠯᠬᠤ᠎ᠪᠠᠷ ᠴᠢᠷᠮᠠᠢ᠌ᠪᠠ᠃ ᠣᠳᠣᠬᠠᠨ᠎ᠳᠤ᠂ ᠮᠠᠨ᠎ᠤ ᠣᠷᠣᠨ᠎ᠳᠤ ᠡᠯᠡᠰᠦ ᠲᠣᠭᠣᠰᠣᠨ᠎ᠤ ᠲᠤᠰᠬᠠᠢ ᠮᠡᠷᠭᠡᠵᠢᠯ᠎ᠤᠨ ᠬᠢᠨᠠᠨ ᠬᠡᠮᠵᠢᠬᠦ ᠴᠢᠳᠠᠪᠤᠷᠢᠲᠠᠨ ᠨᠠᠢ᠌ᠳᠠ 50 ᠭᠠᠷᠤᠢ ᠪᠠᠢ᠌ᠵᠤ᠂ ᠪᠦᠯᠬᠦᠮ ᠨᠠᠢ᠌ᠳᠠ ᠵᠢᠨ᠎ᠬᠢᠨ ᠡᠯᠡᠰᠦ ᠲᠣᠭᠣᠰᠣᠨ᠎ᠤ ᠰᠤᠳᠤᠯᠭ᠋ᠠᠨ᠎ᠤ ᠤᠯᠠᠨ ᠵᠦᠢ᠍ᠯ᠎ᠤᠨ ᠰᠡᠳᠦᠪ᠎ᠢ ᠡᠷᠭᠢᠯᠡᠨ ᠣᠷᠣᠯᠴᠠᠵᠤ᠂ ᠡᠭᠦᠨ᠎ᠳᠤ 《ᠡᠯᠡᠰᠦᠨ ᠰᠢᠭᠤᠷᠭ᠎ᠠ ᠵᠢᠨ ᠴᠠᠭ ᠠᠭᠤᠷ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠠᠰ᠎ᠤᠨ ᠬᠤᠪᠢᠶᠠᠷᠢᠯᠠᠯ ᠬᠢᠭᠡᠳ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠤᠨ ᠪᠠᠢ᠌ᠭᠤᠯᠤᠯᠲᠠ ᠵᠢᠨ ᠰᠤᠳᠤᠯᠤᠯ》᠎ᠨᠢ 2014 ᠣᠨ᠎ᠤ 《ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠤᠷᠪᠠᠳᠤᠭ᠋ᠠᠷ ᠳᠡᠰ᠎ᠤᠨ ᠱᠠᠩᠨᠠᠯ》᠎ᠢ ᠭᠥᠷᠳᠡᠪᠡ᠃

      ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠠᠵᠢᠯ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ᠂ ᠰᠢᠨ᠎ᠡ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦ ᠲᠣᠭᠣᠰᠣ ᠵᠢ ᠬᠢᠨᠠᠨ ᠬᠡᠮᠵᠢᠬᠦ ᠰᠦᠯᠵᠢᠶᠡᠨ᠎ᠤ ᠲᠣᠭ᠎ᠠ ᠪᠠᠷᠢᠮᠲᠠ ᠵᠢᠨ ᠦᠨ᠎ᠡ ᠥᠷᠲᠡᠭ᠎ᠢ ᠨᠡᠩ ᠰᠠᠶ᠋ᠢᠨ ᠪᠠᠳᠠᠷᠠᠭᠤᠯᠬᠤ ᠵᠢᠨ ᠲᠥᠯᠥᠭᠡ᠂ ᠳᠠᠷᠠᠭ᠋ᠠᠴᠢ ᠵᠢᠨ ᠠᠯᠬᠤᠮ᠎ᠳᠤ ᠮᠠᠨ᠎ᠤ ᠲᠢᠩᠬᠢᠮ ᠡᠯᠡᠰᠦᠨ ᠰᠢᠭᠤᠷᠭ᠎ᠠ ᠵᠢᠨ ᠴᠠᠭ ᠠᠭᠤᠷ᠎ᠢ ᠬᠢᠨᠠᠨ ᠬᠡᠮᠵᠢᠬᠦ ᠲᠣᠣᠷ ᠰᠦᠯᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯᠡᠰᠦᠨ ᠰᠢᠭᠤᠷᠭ᠎ᠠ ᠵᠢᠨ ᠴᠠᠭ ᠠᠭᠤᠷ᠎ᠢ ᠬᠢᠨᠠᠨ ᠬᠡᠮᠵᠢᠬᠦ ᠥᠷᠲᠡᠭᠡ ᠴᠡᠭ᠎ᠢ ᠨᠢᠭᠲᠠ ᠪᠣᠯᠭ᠋ᠠᠵᠤ᠂ ᠡᠯᠡᠰᠦᠨ ᠰᠢᠭᠤᠷᠭ᠎ᠠ ᠵᠢᠨ ᠴᠠᠭ ᠠᠭᠤᠷ᠎ᠢ ᠬᠢᠨᠠᠨ ᠬᠡᠮᠵᠢᠬᠦ ᠥᠷᠲᠡᠭᠡ ᠴᠡᠭ᠎ᠤᠨ ᠮᠥᠬᠥᠯᠢᠭᠲᠦ ᠪᠣᠳᠠᠰ᠎ᠢ ᠬᠢᠨᠠᠨ ᠬᠡᠮᠵᠢᠬᠦ ᠲᠥᠬᠦᠭᠡᠷᠦᠮᠵᠢ ᠵᠢ ᠰᠢᠨᠡᠳᠬᠡᠵᠦ᠂ ᠭᠠᠵᠠᠷ ᠳᠡᠭᠡᠷᠡᠬᠢ ᠡᠯᠡᠰᠦ ᠲᠣᠭᠣᠰᠣ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ᠂ ᠳᠠᠭ᠋ᠠᠭᠤᠯᠢ ᠣᠳᠣᠨ᠎ᠤ ᠠᠯᠤᠰ ᠰᠡᠷᠡᠯ ᠪᠠ ᠯᠠᠶ᠋ᠢᠰᠧᠷ ᠷᠠᠳᠠᠷ ᠵᠡᠷᠭᠡ ᠤᠯᠠᠨ ᠡᠬᠢᠲᠦ ᠲᠣᠭ᠎ᠠ ᠪᠠᠷᠢᠮᠲᠠ ᠵᠢ ᠠᠭᠤᠰᠤᠯᠴᠠᠭᠤᠯᠤᠨ᠂ ᠡᠯᠡᠰᠦ ᠲᠣᠭᠣᠰᠣᠨ᠎ᠤ ᠨᠡᠪᠲᠡᠷᠡᠯᠲᠡ ᠵᠢᠨ ᠬᠡᠮᠵᠢᠶ᠎ᠡ ᠵᠢᠴᠢ ᠨᠥᠯᠥᠭᠡᠯᠡᠯ᠎ᠤᠨ ᠡᠬᠢ ᠡᠭᠦᠰᠦᠯ᠎ᠢ ᠡᠷᠢᠬᠦ ᠰᠤᠳᠤᠯᠭ᠋ᠠᠨ᠎ᠢ ᠥᠷᠨᠢᠭᠦᠯᠵᠦ᠂ ᠡᠯᠡᠰᠦᠨ ᠰᠢᠭᠤᠷᠭ᠎ᠠ ᠵᠢ ᠴᠠᠭ ᠲᠤᠬᠠᠢ᠎ᠳᠤᠨᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠠᠭᠪᠤᠷ᠎ᠢ ᠪᠠᠢ᠌ᠭᠤᠯᠤᠨ᠂ ᠡᠯᠡᠰᠦ ᠲᠣᠭᠣᠰᠣᠨ᠎ᠤ ᠴᠠᠭ ᠠᠭᠤᠷ᠎ᠤᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠦᠯᠯᠡᠷᠭᠡᠭᠵᠢᠯ᠎ᠢ ᠵᠠᠰᠠᠬᠤ᠎ᠳᠤ ᠪᠠᠲᠤ ᠴᠢᠩᠭ᠎ᠠ ᠤᠨᠤᠯ᠎ᠤᠨ ᠦᠨᠳᠦᠰᠦᠯᠡᠯ ᠬᠠᠩᠭ᠋ᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2023 ᠣᠨ᠎ᠤ ᠠᠮᠢ ᠠᠬᠤᠢ ᠵᠢᠨ ᠶᠠᠰᠤ ᠴᠢᠨᠠᠷ᠎ᠤᠨ ᠬᠢᠨᠠᠨ ᠬᠡᠮᠵᠢᠯᠲᠡ ᠬᠢᠭᠡᠳ ᠦᠨᠡᠯᠡᠯᠲᠡ ᠵᠢᠨ ᠪᠣᠯᠪᠠᠰᠤᠷᠠᠯ᠎ᠤᠨ ᠠᠩᠭᠢ (ᠬᠣᠶᠠᠳᠤᠭ᠋ᠠᠷ ᠬᠤᠭᠤᠴᠠᠭ᠎ᠠ) ᠤᠷᠤᠭᠰᠢᠲᠠᠢ ᠶᠠᠪᠤᠭᠳᠠᠪᠠ
ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠢᠨᠠᠯᠲᠠ ᠲᠠᠯᠪᠢᠵᠤ ᠬᠠᠮᠢᠶᠠᠷᠤᠨ᠎ᠠ · ᠬᠣᠯᠪᠤᠭ᠋ᠠᠯᠠᠨ ᠬᠥᠳᠡᠯᠦᠯᠴᠡᠵᠦ ᠵᠣᠯᠭ᠋ᠠᠭᠤᠯᠬᠤ ᠵᠢ ᠴᠢᠩᠭ᠋ᠠᠳᠬᠠᠵᠤ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠬᠡᠮᠵᠢᠵᠦ ᠬᠠᠮᠢᠶᠠᠷᠬᠤ ᠳᠦᠷᠢᠮ᠎ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠢ ᠲᠠᠢ᠌ᠯᠤᠮᠵᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠢ ᠰᠢᠯᠭ᠋ᠠᠷᠠᠭᠤᠯᠬᠤ ᠪᠣᠯᠪᠠᠰᠤᠷᠠᠯ᠎ᠤᠨ ᠠᠩᠭᠢ ᠵᠢᠨ ᠤᠨᠤᠯ᠎ᠤᠨ ᠰᠢᠯᠭ᠋ᠠᠯᠲᠠ ᠵᠢ ᠵᠣᠬᠢᠶᠠᠨ ᠪᠠᠢ᠌ᠭᠤᠯᠪᠠ
 
             蒙ICP备05000248号