ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠣᠣᠯ ᠰᠡᠳᠦᠪᠲᠦ ᠰᠤᠷᠭ᠋ᠠᠨ ᠬᠥᠮᠦᠵᠢᠯ᠎ᠤᠨ ᠨᠣᠮ ᠤᠩᠰᠢᠬᠤ ᠠᠩᠭᠢ ᠪᠠ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠂ ᠦᠨᠳᠦᠰᠦᠲᠡᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠎ᠤᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ 5 ᠰᠠᠷ᠎ᠠ ᠵᠢᠨ 29᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ᠎ᠠᠴᠠ 《ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠦᠵᠡᠯ ᠰᠠᠨᠠᠭ᠎ᠠ ᠵᠢ ᠰᠤᠷᠤᠯᠴᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠶ᠎ᠠ》 ᠭᠡᠬᠦ ᠰᠤᠳᠤᠯᠤᠨ ᠶᠠᠷᠢᠯᠴᠠᠵᠤ ᠪᠤᠳᠤᠯ ᠰᠠᠨᠠᠯ ᠵᠶ᠋ᠠᠨ ᠰᠣᠯᠢᠯᠴᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠨᠠᠮ᠎ᠤᠨ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ᠂ ᠬᠥᠭᠵᠢᠯᠲᠡ ᠵᠢᠨ ᠲᠥᠪ᠎ᠤᠨ ᠳᠡᠳ᠋ ᠡᠷᠬᠢᠯᠡᠭᠴᠢ ᠡᠸ᠋ ᠸᠸᠨ ᠬᠤᠸᠠ ᠬᠤᠷᠠᠯ᠎ᠢ ᠡᠷᠭᠢᠯᠡᠵᠦ᠂ ᠪᠠᠢ᠌ᠭᠤᠯᠭ᠎ᠠ᠎ᠳᠠᠭᠠᠨ ᠪᠠᠢ᠌ᠭ᠎ᠠ ᠪᠥᠬᠥ ᠨᠠᠮ᠎ᠤᠨ ᠭᠡᠰᠢᠭᠦᠳ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠨᠠᠮ᠎ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠴᠣᠭᠴᠠᠯᠠᠬᠤ ᠤᠬᠠᠮᠰᠠᠷ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠡᠷᠭᠡ ᠠᠭᠤᠯᠭ᠎ᠠ ᠵᠢᠨ ᠲᠣᠭᠣᠷᠢᠨ᠎ᠳᠤ ᠥᠪᠡᠷ ᠥᠪᠡᠷ᠎ᠤᠨ ᠣᠯᠣᠯᠲᠠ ᠲᠥᠷᠥᠭᠳᠡᠯ ᠵᠶ᠋ᠡᠨ ᠰᠣᠯᠢᠯᠴᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠤᠷᠤᠭᠰᠢᠯᠠᠯᠲᠠ ᠵᠢᠨ ᠴᠢᠭᠯᠡᠯ᠎ᠢ ᠵᠢᠭ᠋ᠠᠨ ᠥᠭᠴᠦ᠂ ᠦᠨᠳᠦᠰᠦᠨ ᠵᠢᠷᠤᠮᠯᠠᠯ ᠬᠠᠩᠭ᠋ᠠᠵᠠᠢ᠂ ᠨᠠᠮ᠎ᠤᠨ ᠭᠡᠰᠢᠭᠦᠨ ᠺᠠᠳ᠋ᠷ ᠡᠨᠡᠬᠦ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠡᠵᠡᠮᠳᠡᠵᠦ᠂ ᠲᠠᠷᠢᠬᠢ ᠲᠣᠯᠣᠭ᠋ᠠᠢ᠎ᠳᠠᠭᠠᠨ ᠬᠠᠳᠠᠩᠰᠢᠭᠤᠯᠵᠤ᠂ ᠮᠡᠳᠡᠬᠦᠢ ᠬᠢᠬᠦᠢ ᠵᠢ ᠨᠢᠭᠡᠳᠬᠡᠬᠦ ᠲᠠᠯ᠎ᠠ᠎ᠪᠠᠷ ᠦᠷᠭᠦᠯᠵᠢᠯᠡᠨ ᠰᠢᠷᠭ᠋ᠠᠭᠤ ᠠᠵᠢᠯᠯᠠᠵᠤ᠂ ᠲᠤᠭᠤᠰᠢᠭᠤᠯᠤᠨ ᠨᠠᠢ᠌ᠳᠠᠪᠤᠷᠢᠵᠢᠭᠤᠯᠬᠤ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠦᠨᠳᠦᠰᠦᠲᠡᠨ᠎ᠤ ᠠᠵᠢᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠨᠡᠨᠬᠦ ᠳᠡᠭᠡᠳᠦ ᠬᠡᠮᠵᠢᠶ᠎ᠡ᠎ᠪᠠᠷ ᠠᠭᠤᠰᠤᠯᠴᠠᠭᠤᠯᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠭᠦᠢ᠍ᠴᠡᠳ ᠪᠠᠳᠠᠷᠠᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠢᠳᠡᠪᠬᠢ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ 《ᠡᠪ ᠬᠠᠮᠲᠤ ᠨᠠᠮ᠎ᠤᠨ ᠵᠣᠬᠢᠶᠠᠯ᠎ᠤᠨ ᠰᠣᠩᠭᠣᠮᠠᠯ》 (ᠨᠢᠭᠡᠳᠦᠭᠡᠷ ᠪᠣᠳᠢ) 《ᠦᠨᠳᠦᠰᠦᠲᠡᠨ᠎ᠨᠦᠭᠦᠳ᠎ᠤᠨ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠤᠶ᠎ᠠ》 ᠭᠡᠬᠦ ᠪᠦᠯᠦᠭ᠂ 《ᠢᠷᠡᠬᠦ ᠵᠠᠮ ᠵᠶ᠋ᠠᠨ ᠦᠯᠦ ᠮᠠᠷᠲᠠᠵᠤ ᠬᠡᠷᠡᠭ᠎ᠤᠨ ᠳᠣᠲᠣᠷᠠᠬᠢ ᠬᠥᠮᠥᠨ ᠪᠣᠯᠬᠤ ᠦᠭᠡᠢ》 ᠭᠡᠬᠦ ᠬᠡᠰᠡᠭ ᠰᠡᠷᠡᠮᠵᠢᠯᠡᠭᠦᠯᠬᠦ ᠬᠡᠷᠡᠭ᠎ᠤᠨ ᠵᠢᠱ᠌ᠢᠶ᠎ᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠤᠨ ᠠᠵᠢᠯ᠎ᠤᠨ ᠳᠦᠷᠢᠮ》 (ᠲᠤᠷᠰᠢᠨ ᠬᠡᠷᠡᠭᠵᠢᠭᠦᠯᠬᠦ)᠂ ᠵᠧᠵᠢᠶᠠᠩ᠎ᠤᠨ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢᠨ ᠬᠡᠷᠡᠭ᠎ᠤᠨ ᠵᠢᠱ᠌ᠢᠶ᠎ᠡ ᠵᠡᠷᠭᠡ ᠵᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠸᠢᠳᠢᠤ᠋ ᠵᠢ ᠦᠵᠡᠬᠦ ᠬᠡᠯᠪᠡᠷᠢ᠎ᠪᠠᠷ 《ᠵᠢᠷᠭᠤᠭ᠎ᠠ ᠵᠢ ᠡᠷᠬᠡᠪᠰᠢ ᠪᠠᠷᠢᠮᠲᠠᠯᠠᠬᠤ》 ᠵᠢ ᠪᠦᠬᠦ ᠲᠠᠯ᠎ᠠ᠎ᠪᠠᠷ ᠣᠨᠣᠪᠴᠢᠲᠠᠢ ᠡᠵᠡᠮᠰᠢᠬᠦ ᠵᠡᠷᠭᠡ ᠠᠭᠤᠯᠭ᠎ᠠ ᠵᠢ ᠰᠤᠷᠤᠯᠴᠠᠪᠠ᠃