ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠮᠢᠩᠭ᠋ᠠᠨ ᠲᠦᠮᠡᠨ ᠢᠨᠵᠧᠨᠧᠷᠢᠩ》 ᠪᠣᠯᠣᠨ 《ᠫᠦᠵᠢᠶᠠᠩ᠎ᠤᠨ ᠲᠤᠷᠰᠢᠯᠭ᠎ᠠ》 ᠵᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠪᠤᠳᠤᠯ ᠰᠠᠨᠠᠯ ᠵᠶ᠋ᠠᠨ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-07-15

      7 ᠰᠠᠷ᠎ᠠ ᠵᠢᠨ 10᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠮᠢᠩᠭ᠋ᠠᠨ ᠲᠦᠮᠡᠨ ᠢᠨᠵᠧᠨᠧᠷᠢᠩ》᠎ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠵᠢᠨ ᠬᠡᠷᠡᠭ᠎ᠤᠨ ᠵᠢᠱ᠌ᠢᠶ᠎ᠡ ᠪᠠ 《ᠫᠦᠵᠢᠶᠠᠩ᠎ᠤᠨ ᠲᠤᠷᠰᠢᠯᠭ᠎ᠠ》 ᠵᠢᠨ ᠲᠣᠭᠣᠷᠢᠨ᠎ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠪᠤᠳᠤᠯ ᠰᠠᠨᠠᠯ ᠵᠶ᠋ᠠᠨ ᠰᠣᠯᠢᠯᠴᠠᠬᠤ ᠬᠤᠷᠠᠯ ᠬᠤᠷᠠᠯᠳᠤᠭᠤᠯᠵᠤ᠂ ᠨᠠᠮ᠎ᠤᠨ ᠡᠭᠦᠷ᠎ᠤᠨ ᠱᠦᠵᠢ ᠾᠧ ᠰᠢᠶᠣᠣ ᠫᠢᠩ ᠬᠤᠷᠠᠯ ᠡᠷᠭᠢᠯᠡᠵᠦ᠂ ᠠᠵᠢᠯ᠎ᠤᠨ ᠪᠠᠢ᠌ᠷᠢᠨ᠎ᠳᠠᠭᠠᠨ ᠪᠠᠢ᠌ᠭ᠎ᠠ ᠪᠥᠬᠥ ᠨᠠᠮ᠎ᠤᠨ ᠭᠡᠰᠢᠭᠦᠨ ᠬᠤᠷᠠᠯ᠎ᠳᠤ ᠣᠷᠣᠯᠴᠠᠭᠰᠠᠨ ᠪᠥᠭᠡᠳ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠪᠤᠳᠤᠯ ᠰᠠᠨᠠᠯ ᠵᠶ᠋ᠠᠨ ᠰᠣᠯᠢᠯᠴᠠᠪᠠ᠃

      ᠬᠤᠷᠠᠯ᠎ᠠᠴᠠ᠂ 《ᠮᠢᠩᠭ᠋ᠠᠨ ᠲᠦᠮᠡᠨ ᠢᠨᠵᠧᠨᠧᠷᠢᠩ》 ᠪᠣᠯ ᠶᠡᠷᠦᠩᠬᠡᠢ ᠱᠦᠵᠢ ᠰᠢ ᠵᠢᠨ ᠫᠢᠩ ᠵᠧᠵᠢᠶᠠᠩ᠎ᠳᠤ ᠠᠵᠢᠯᠯᠠᠵᠤ ᠪᠠᠶ᠋ᠢᠬᠤ ᠬᠤᠭᠤᠴᠠᠭ᠋ᠠᠨ᠎ᠳᠠᠭᠠᠨ ᠪᠡᠶ᠎ᠡ᠎ᠪᠠᠷ ᠵᠶ᠋ᠡᠨ ᠲᠥᠯᠥᠪᠯᠡᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠨᠢᠭᠡᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠣᠯᠣᠨ᠎ᠠ᠃ 《ᠫᠦᠵᠢᠶᠠᠩ᠎ᠤᠨ ᠲᠤᠷᠰᠢᠯᠭ᠎ᠠ》 ᠪᠣᠯ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠰᠠᠨᠠᠭ᠋ᠠᠴᠢᠯᠠᠬᠤ ᠵᠢᠨ ᠬᠠᠮᠲᠤ ᠲᠦᠷᠦᠭᠦᠯᠡᠨ ᠦᠨᠳᠦᠰᠦᠨ ᠱᠠᠲᠤᠨ᠎ᠳᠤ ᠪᠠᠭᠤᠵᠤ ᠰᠣᠷᠪᠤᠯᠵᠢᠯᠠᠭ᠎ᠠ ᠵᠢ ᠬᠦᠯᠢᠶᠡᠨ ᠠᠪᠤᠭᠰᠠᠨ ᠤᠯᠠᠨ ᠲᠦᠮᠡᠨ᠎ᠤ ᠪᠦᠷᠢᠯᠳᠦᠭᠦᠯᠦᠭᠰᠡᠨ ᠰᠠᠢ᠍ᠢ᠍ᠨ ᠲᠤᠷᠰᠢᠯᠭ᠎ᠠ ᠰᠠᠢ᠍ᠢ᠍ᠨ ᠠᠷᠭ᠎ᠠ ᠬᠢᠳᠡᠯ ᠪᠣᠯᠣᠨ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠲᠥᠯᠥᠭᠡ ᠵᠢᠳᠬᠦᠬᠦ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠪᠣᠯᠣᠨ ᠪᠣᠳᠠᠲᠠᠢ ᠵᠢ ᠡᠷᠬᠢᠮᠯᠡᠭᠰᠡᠨ ᠠᠵᠢᠯ᠎ᠤᠨ ᠰᠤᠷᠲᠠᠯ᠎ᠢ ᠭᠦᠢ᠍ᠴᠡᠳ ᠢᠯᠡᠷᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠭᠣᠣᠯ ᠰᠡᠳᠦᠪᠲᠦ ᠬᠥᠮᠦᠵᠢᠯ᠎ᠢ ᠰᠤᠷᠤᠯᠴᠠᠨ ᠲᠤᠭᠤᠰᠢᠯᠠᠭᠤᠯᠬᠤ ᠰᠢᠨ᠎ᠡ ᠰᠣᠷᠭᠣᠭ ᠵᠢᠭ᠋ᠠᠬᠤ ᠮᠠᠲ᠋ᠧᠷᠢᠶᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠨᠠᠮ᠎ᠤᠨ ᠭᠡᠰᠢᠭᠦᠨ ᠺᠠᠳ᠋ᠷᠴᠤᠳ ᠤᠬᠠᠮᠰᠠᠷ᠎ᠠᠴᠠ᠎ᠪᠠᠨ 《ᠬᠣᠶᠠᠷ᠎ᠢ ᠲᠣᠭᠲᠠᠭ᠋ᠠᠭᠰᠠᠨ》 ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ ᠵᠢᠨ ᠥᠨᠳᠥᠷᠴᠡ᠎ᠠᠴᠠ 《ᠮᠢᠩᠭ᠋ᠠᠨ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠪᠠ 《ᠫᠦᠵᠢᠶᠠᠩ᠎ᠤᠨ ᠲᠤᠷᠰᠢᠯᠭ᠎ᠠ》 ᠵᠢ ᠰᠤᠷᠤᠯᠴᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠡᠭᠦᠨ᠎ᠳᠤ ᠠᠭᠤᠯᠤᠭᠳᠠᠵᠤ ᠪᠠᠢ᠌ᠭ᠎ᠠ ᠵᠣᠭᠰᠣᠯᠲᠠ᠂ ᠦᠵᠡᠯᠲᠡ ᠪᠠ ᠠᠷᠭ᠎ᠠ ᠵᠢ ᠨᠠᠷᠢᠨ ᠬᠢᠨᠠᠮᠠᠭ᠋ᠠᠢ ᠣᠢ᠌ᠯᠠᠭ᠋ᠠᠵᠤ᠂ ᠪᠦᠬᠦ ᠲᠠᠯ᠎ᠠ᠎ᠪᠠᠷ ᠡᠵᠡᠮᠰᠢᠵᠦ᠂ ᠠᠰᠠᠭᠤᠳᠠᠯ᠎ᠢ ᠪᠣᠳᠣᠯᠬᠢᠯᠠᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠤᠴᠢᠷ ᠶᠠᠪᠤᠳᠠᠯ ᠪᠦᠲᠦᠭᠡᠬᠦ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠥᠷᠨᠢᠭᠦᠯᠬᠦ ᠬᠦᠴᠦᠲᠡᠢ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠬᠦᠷᠴᠦ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠡᠭ ᠴᠢᠭ᠋᠎ᠤᠨ ᠠᠵᠢᠯ᠎ᠢ ᠭᠦᠨᠵᠡᠭᠡᠢ᠌ᠷᠡᠭᠦᠯᠬᠦ ᠲᠤᠬᠠᠢ ᠵᠥᠪᠳᠡᠯᠴᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠦᠵᠡᠯ ᠰᠠᠨᠠᠭ᠎ᠠ ᠵᠢ ᠰᠤᠷᠤᠯᠴᠠᠵᠦ ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠶ᠎ᠠ》 ᠰᠤᠳᠤᠯᠤᠨ ᠶᠠᠷᠢᠯᠴᠠᠵᠤ ᠪᠤᠳᠤᠯ ᠰᠠᠨᠠᠯ ᠵᠶ᠋ᠠᠨ ᠰᠣᠯᠢᠯᠴᠠᠬᠤ ᠵᠢᠴᠢ ᠭᠣᠣᠯ ᠰᠡᠳᠦᠪᠲᠦ ᠬᠥᠮᠦᠵᠢᠯ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠠᠵᠢᠯ ᠲᠥᠷᠥᠯ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠥᠷᠥ ᠵᠢᠨ ᠪᠣᠳᠣᠯᠭ᠎ᠠ ᠵᠢᠨ ᠰᠤᠳᠤᠯᠤᠯ》 ᠭᠡᠬᠦ ᠰᠡᠳᠦᠪ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠪᠤᠭᠤᠲᠤ ᠬᠣᠲᠠ᠎ᠳᠤ ᠬᠦᠷᠴᠦ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
             蒙ICP备05000248号