ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠠᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ ᠵᠢᠨ ᠲᠥᠯᠥᠭᠡ᠂ ᠭᠣᠣᠯ ᠪᠣᠯᠬᠤ ᠪᠣᠬᠢᠷᠲᠤᠯ ᠪᠣᠳᠠᠰ᠎ᠢ ᠪᠠᠭ᠋ᠠᠰᠬᠠᠬᠤ ᠬᠡᠮᠵᠢᠶ᠎ᠡ ᠵᠢ ᠵᠣᠬᠢᠰᠲᠠᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠮᠠᠨ᠎ᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠎ᠬᠢ ᠰᠢᠨ᠎ᠡ ᠰᠦᠪᠡᠭᠴᠢᠯᠡᠯᠲᠡ᠂ ᠰᠢᠨ᠎ᠡ ᠦᠢ᠍ᠯᠡᠳᠦᠯᠭᠡ ᠥᠷᠨᠢᠭᠦᠯᠬᠦ ᠴᠢᠳᠠᠪᠤᠷᠢ ᠪᠠ ᠲᠦᠪᠰᠢᠨ᠎ᠢ ᠲᠡᠭᠡᠭᠰᠢᠯᠡᠬᠦᠯᠬᠦ ᠵᠢᠨ ᠲᠥᠯᠥᠭᠡ᠂ 6 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ ᠪᠦᠯᠬᠦᠮ ᠳᠠᠭ᠋ᠠᠭᠤᠯᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠲᠤ ᠬᠦᠷᠴᠦ ᠪᠣᠬᠢᠷᠲᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠠᠵᠢᠯ᠎ᠤᠨ ᠲᠤᠬᠠᠢ ᠵᠥᠪᠳᠡᠯᠴᠡᠨ ᠵᠣᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠶᠡᠷᠦᠩᠬᠡᠢ᠌ᠯᠡᠭᠰᠡᠨ ᠭᠠᠵᠠᠷ᠎ᠤᠨ ᠳᠠᠷᠤᠭ᠎ᠠ ᠸᠧᠢ ᠾᠧ ᠵᠠᠩ᠂ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠬᠠᠮᠢᠶ᠎ᠠ ᠪᠦᠬᠦᠢ ᠮᠡᠷᠭᠡᠵᠢᠯ᠎ᠤᠨ ᠠᠵᠢᠯᠲᠠᠳ ᠣᠷᠣᠯᠴᠠᠵᠠᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ ᠮᠠᠨ᠎ᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠠᠵᠢᠯ᠎ᠤᠨ ᠬᠠᠮᠤᠭ᠎ᠤᠨ ᠰᠢᠨ᠎ᠡ ᠠᠬᠢᠴᠠ ᠵᠢ ᠨᠠᠷᠢᠨ ᠲᠠᠨᠢᠯᠴᠠᠭᠤᠯᠬᠤ ᠵᠢᠨ ᠬᠠᠮᠲᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠠᠯ᠎ᠠ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠢ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠢᠶᠠᠷᠤᠯᠲᠠ ᠵᠢᠨ ᠮᠡᠷᠭᠡᠵᠢᠯ᠎ᠤᠨ ᠲᠥᠪ᠎ᠤᠨ ᠡᠷᠬᠢᠯᠡᠭᠴᠢ ᠴᠧᠨ ᠭᠠᠩ ᠵᠢᠴᠢ ᠲᠤᠰᠬᠠᠢ ᠮᠡᠷᠭᠡᠵᠢᠯᠲᠡᠳ᠎ᠲᠠᠢ ᠭᠦᠨᠵᠡᠭᠡᠢ ᠰᠠᠨᠠᠯ ᠵᠶ᠋ᠠᠨ ᠰᠣᠯᠢᠯᠴᠠᠪᠠ᠃ ᠴᠧᠨ ᠭᠠᠩ ᠡᠷᠬᠢᠯᠡᠭᠴᠢ ᠮᠠᠨ᠎ᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠠᠵᠢᠯ᠎ᠤᠨ ᠣᠯᠣᠭᠰᠠᠨ ᠠᠮᠵᠢᠯᠲᠠ ᠵᠢ ᠭᠦᠢ᠍ᠴᠡᠳ ᠨᠤᠲᠠᠯᠠᠵᠤ᠂ ᠮᠠᠨ᠎ᠤ ᠣᠷᠣᠨ᠎ᠤ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠰᠡᠳᠬᠢᠴᠡ ᠵᠢ ᠳᠡᠭᠡᠳᠦ ᠬᠡᠮᠵᠢᠶ᠎ᠡ᠎ᠪᠠᠷ ᠦᠨᠡᠯᠡᠪᠡ᠃ ᠴᠧᠨ ᠭᠠᠩ᠂ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠠᠴᠠ ᠮᠠᠨ᠎ᠤ ᠣᠷᠣᠨ᠎ᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠪᠥᠬᠥ ᠬᠦᠴᠦᠨ ᠵᠶ᠋ᠡᠷ ᠵᠶ᠋ᠡᠨ ᠳᠡᠮᠵᠢᠵᠦ᠂ ᠤᠯᠤᠰ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠤ ᠲᠤᠷᠰᠢᠯᠭ᠎ᠠ ᠬᠤᠷᠠᠮᠳᠤᠭᠤᠯᠵᠤ ᠥᠭᠭᠦᠨ᠎ᠡ ᠭᠡᠵᠡᠢ᠃
ᠲᠤᠰ ᠤᠳᠠᠭ᠋ᠠᠨ᠎ᠤ ᠬᠡᠯᠡᠯᠴᠡᠭᠡ᠎ᠪᠠᠷ ᠳᠡᠮᠵᠢᠨ᠂ ᠤᠯᠤᠰ᠎ᠤᠨ ᠳᠡᠰ ᠳᠠᠪᠬᠤᠷᠭ᠎ᠠ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠴᠢ ᠡᠯ᠎ᠡ ᠲᠤᠷᠰᠢᠯᠲᠠ ᠵᠢᠨ ᠴᠡᠭ᠎ᠤᠨ ᠮᠤᠵᠢ ᠬᠣᠲᠠ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠵᠢᠯ᠎ᠤᠨ ᠠᠬᠢᠴᠠ ᠵᠢ ᠤᠯᠠᠮ ᠨᠢᠭᠡ ᠠᠯᠬᠤᠮ ᠡᠵᠡᠮᠰᠢᠵᠦ᠂ ᠮᠠᠨ᠎ᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠭᠣᠣᠯ ᠪᠣᠯᠬᠤ ᠪᠣᠬᠢᠷᠲᠤᠯ ᠪᠣᠳᠠᠰ᠎ᠢ ᠪᠠᠭ᠋ᠠᠰᠬᠠᠬᠤ ᠬᠡᠮᠵᠢᠶ᠎ᠡ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠣᠷᠴᠢᠨ ᠲᠣᠭᠣᠷᠢᠨ᠎ᠤ ᠡᠬᠢ ᠪᠠᠶᠠᠯᠢᠭ᠎ᠢ ᠦᠨ᠎ᠡ ᠥᠷᠲᠡᠭ᠎ᠲᠠᠢ ᠪᠠᠢ᠌ᠯᠭ᠋ᠠᠬᠤ ᠣᠨᠣᠯᠵᠢᠬᠤᠨ᠎ᠢ ᠪᠤᠢ ᠪᠣᠯᠭ᠋ᠠᠵᠤ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠎ᠳᠤ ᠦᠢ᠍ᠯᠡᠳᠦᠯᠭᠡ ᠵᠢᠨ ᠰᠠᠭᠤᠷᠢ ᠵᠢ ᠲᠠᠯᠪᠢᠪᠠ᠃