ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠠᠵᠢᠯ᠎ᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠵᠢᠨ ᠲᠥᠯᠥᠭᠡ᠂ 7 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠳᠡᠳ᠋ ᠡᠷᠬᠢᠯᠡᠭᠴᠢ ᠦ᠋ ᠸᠸᠨ ᠬᠤᠸᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠳᠤ ᠳᠠᠭ᠋ᠠᠭᠤᠯᠤᠨ ᠬᠦᠷᠴᠦ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠠᠵᠢᠯ᠎ᠤᠨ ᠲᠤᠬᠠᠢ ᠶᠠᠷᠢᠯᠴᠠᠨ ᠵᠣᠯᠭ᠋ᠠᠭᠤᠯᠵᠠᠢ᠃
ᠬᠤᠷᠠᠯ ᠳᠡᠭᠡᠷ᠎ᠡ᠂ ᠦ᠋ ᠸᠸᠨ ᠬᠤᠸᠠ ᠮᠠᠨ᠎ᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠠᠵᠢᠯ᠎ᠤᠨ ᠣᠯᠣᠭᠰᠠᠨ ᠠᠮᠵᠢᠯᠲᠠ ᠪᠦᠲᠦᠮᠵᠢ ᠪᠠ ᠬᠠᠮᠤᠭ᠎ᠤᠨ ᠰᠢᠨ᠎ᠡ ᠠᠬᠢᠴᠠ ᠵᠢᠴᠢ ᠣᠳᠣᠬᠠᠨ᠎ᠤ ᠠᠵᠢᠯ ᠵᠶ᠋ᠠᠨ ᠥᠷᠨᠢᠭᠦᠯᠬᠦ᠎ᠳᠤ ᠲᠤᠯᠭ᠋ᠠᠷᠠᠭᠰᠠᠨ ᠬᠦᠴᠢᠷᠳᠡᠯ᠎ᠢ ᠨᠠᠷᠢᠨ ᠲᠠᠨᠢᠯᠴᠠᠭᠤᠯᠬᠤ ᠵᠢᠨ ᠬᠠᠮᠲᠤ᠂ ᠮᠠᠨ᠎ᠤ ᠣᠷᠣᠨ᠎ᠤ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠭᠣᠣᠯᠳᠠᠯᠭ᠎ᠠ ᠵᠢᠨ ᠲᠤᠬᠠᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠳ᠎ᠲᠠᠢ ᠭᠦᠨᠵᠡᠭᠡᠢ ᠰᠤᠳᠤᠯᠤᠨ ᠶᠠᠷᠢᠯᠴᠠᠪᠠ᠃ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠠᠴᠠ ᠣᠳᠣᠬᠠᠨ᠎ᠤ ᠤᠯᠤᠰ᠎ᠠᠴᠠ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠵᠢᠯ᠎ᠢ ᠴᠢᠬᠤᠯᠠᠴᠢᠯᠠᠵᠤ ᠪᠠᠶ᠋ᠢᠬᠤ᠎ᠪᠠᠨ ᠢᠯᠡᠳᠬᠡᠬᠦ ᠵᠢᠨ ᠬᠠᠮᠲᠤ ᠮᠠᠨ᠎ᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠢᠭᠯᠡᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ ᠮᠡᠳᠡᠷᠡᠨ ᠵᠥᠪᠰᠢᠶᠡᠷᠡᠵᠡᠢ᠃ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠠᠴᠠ ᠮᠠᠨ᠎ᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠠᠵᠢᠯ᠎ᠢ ᠭᠦᠨᠵᠡᠭᠡᠢ ᠥᠷᠨᠢᠭᠦᠯᠬᠦ ᠵᠢ ᠪᠦᠬᠦ ᠬᠦᠴᠦᠨ ᠵᠶ᠋ᠡᠷ ᠵᠶ᠋ᠡᠨ ᠳᠡᠮᠵᠢᠨ᠎ᠡ ᠭᠡᠵᠦ ᠢᠯᠡᠳᠬᠡᠪᠡ᠃
ᠲᠣᠰ ᠤᠳᠠᠭ᠋ᠠᠨ᠎ᠤ ᠶᠠᠷᠢᠯᠴᠠᠬᠤ ᠬᠤᠷᠠᠯ ᠵᠶ᠋ᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠤᠯᠤᠰ᠎ᠤᠨ ᠲᠠᠰ ᠳᠠᠪᠬᠤᠷᠭ᠎ᠠ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠬᠠᠨᠳᠤᠰᠢ ᠵᠢ ᠤᠯᠠᠮ ᠨᠢᠭᠡ ᠠᠯᠬᠤᠮ ᠡᠵᠡᠮᠰᠢᠵᠦ᠂ ᠮᠠᠨ᠎ᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠵᠢᠯ᠎ᠤᠨ ᠥᠷᠨᠢᠭᠦᠯᠬᠦ ᠴᠢᠭᠯᠡᠯ᠎ᠢ ᠨᠠᠩ ᠲᠣᠳᠣᠷᠬᠠᠢ ᠪᠣᠯᠭ᠋ᠠᠪᠠ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠮᠢᠶ᠎ᠠ ᠪᠦᠬᠦᠢ ᠨᠢᠭᠡᠴᠢ᠎ᠲᠠᠢ ᠵᠣᠯᠭ᠋ᠠᠭᠤᠯᠬᠤ ᠵᠢ ᠦᠷᠭᠦᠯᠵᠢᠯᠡᠨ ᠴᠢᠩᠭ᠋ᠠᠳᠬᠠᠵᠤ᠂ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠠᠷᠭ᠎ᠠ ᠰᠦᠪᠡᠭᠴᠢᠯᠡᠨ ᠪᠠᠢ᠌ᠷᠢᠯᠠᠭᠤᠯᠵᠤ᠂ ᠮᠠᠨ᠎ᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠠᠵᠢᠯ᠎ᠢ ᠭᠦᠨᠵᠡᠭᠡᠢ ᠥᠷᠨᠢᠭᠦᠯᠬᠦ ᠵᠢ ᠯᠠᠪᠳᠠᠭᠤᠨ ᠵᠶ᠋ᠠᠷ ᠠᠬᠢᠭᠤᠯᠵᠤ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ᠎ᠳᠤ ᠰᠠᠢ᠍ᠢ᠍ᠨ ᠰᠠᠢ᠌ᠬᠠᠨ ᠨᠥᠬᠥᠴᠡᠯ ᠪᠦᠷᠢᠯᠳᠦᠭᠦᠯᠵᠦ ᠥᠭᠬᠦ ᠪᠣᠯᠣᠨ᠎ᠠ᠃