ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-08-17

      8 ᠰᠠᠷ᠎ᠠ ᠵᠢᠨ 11᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠬᠤᠷᠠᠯ ᠬᠤᠷᠠᠯᠳᠤᠭᠤᠯᠵᠤ᠂ ᠨᠠᠮ᠎ᠤᠨ ᠪᠠᠢ᠌ᠭᠤᠯᠤᠯᠲᠠ ᠵᠢᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠦᠵᠡᠯ ᠰᠠᠨᠠᠭ᠎ᠠ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷᠡᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠵᠢᠨ ᠹᠦᠵᠢᠶᠠᠨ᠎ᠳᠤ ᠠᠵᠢᠯᠯᠠᠵᠤ ᠪᠠᠶ᠋ᠢᠬᠤ᠎ᠳᠠᠭᠠᠨ ᠪᠦᠷᠢᠯᠳᠦᠭᠦᠯᠦᠭᠰᠡᠨ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠠᠵᠢᠯ᠎ᠤᠨ ᠳᠦᠷᠢᠮ᠎ᠢ ᠲᠥᠪᠯᠡᠷᠡᠭᠦᠯᠦᠨ ᠰᠤᠷᠤᠯᠴᠠᠵᠤ᠂ ᠨᠠᠮ᠎ᠤᠨ ᠡᠭᠦᠷ᠎ᠤᠨ ᠱᠦᠵᠢ ᠾᠧᠢ ᠰᠢᠶᠣᠣ ᠫᠢᠩ ᠬᠤᠷᠠᠯ᠎ᠢ ᠡᠷᠬᠢᠯᠡᠵᠤ᠂ ᠪᠦᠬᠦ ᠨᠠᠮ᠎ᠤᠨ ᠭᠡᠰᠢᠭᠦᠨ ᠬᠤᠷᠠᠯ᠎ᠳᠤ ᠣᠷᠣᠯᠴᠠᠪᠠ᠃

      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ᠎ᠨᠢ ᠮᠠᠷᠺᠰ᠎ᠤᠨ ᠦᠵᠡᠯ᠎ᠤᠨ ᠨᠠᠮ ᠪᠠᠢ᠌ᠭᠤᠯᠬᠤ ᠰᠤᠷᠭ᠋ᠠᠯ᠎ᠢ ᠪᠠᠶᠠᠯᠢᠭᠵᠢᠭᠤᠯᠤᠨ ᠬᠥᠭᠵᠢᠭᠦᠯᠬᠦ᠎ᠳᠤ ᠴᠢᠬᠤᠯᠠ ᠶᠡᠬᠡ ᠠᠩᠬᠠᠨ᠎ᠤ ᠡᠭᠦᠳᠦᠯᠲᠡ ᠵᠢᠨ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ᠎ᠤ ᠨᠠᠮ᠎ᠤᠨ ᠮᠠᠷᠺᠰ᠎ᠤᠨ ᠦᠵᠡᠯ᠎ᠤᠨ ᠲᠥᠷᠥ ᠪᠠᠷᠢᠭᠴᠢ ᠨᠠᠮ᠎ᠤᠨ ᠪᠠᠢ᠌ᠭᠤᠯᠤᠯᠲᠠ ᠵᠢᠨ ᠵᠢᠮ᠎ᠡ ᠶᠣᠰᠣᠨ᠎ᠤ ᠲᠤᠬᠠᠢ ᠲᠠᠨᠢᠯᠲᠠ ᠰᠢᠨ᠎ᠡ ᠥᠨᠳᠥᠷᠴᠡ᠎ᠳᠤ ᠬᠦᠷᠦᠭᠰᠡᠨ᠎ᠢ ᠬᠠᠷᠠᠭᠤᠯᠵᠤ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃ ᠶᠡᠷᠦᠩᠬᠡᠢ ᠱᠦᠵᠢ ᠰᠢ ᠵᠢᠨ ᠫᠢᠩ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠎ᠨᠢ ᠮᠠᠨ᠎ᠤ ᠨᠠᠮ᠎ᠤᠨ ᠤᠨᠤᠯ᠎ᠤᠨ ᠰᠢᠨ᠎ᠡ ᠡᠭᠦᠳᠦᠯᠲᠡ ᠵᠢ ᠠᠬᠢᠭᠤᠯᠬᠤ ᠰᠢᠨᠵᠢᠯᠡᠬᠦ ᠤᠬᠠᠭ᠋ᠠᠨᠴᠢ ᠵᠢᠮ᠎ᠡ ᠶᠣᠰᠣ ᠵᠢ ᠭᠦᠨᠵᠡᠭᠡᠢ ᠢᠯᠡᠷᠡᠭᠦᠯᠵᠦ᠂ ᠪᠢᠳᠡᠨ᠎ᠤ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶ᠋ᠢᠳᠠᠯ᠎ᠢ ᠨᠡᠭᠡᠭᠡᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠨ ᠥᠭᠴᠦ᠂ ᠴᠢᠬᠤᠯᠠ ᠵᠢᠷᠤᠮᠯᠠᠯ ᠬᠠᠩᠭ᠋ᠠᠭᠰᠠᠨ ᠪᠠᠢ᠌ᠨ᠎ᠠ᠃ ᠶᠡᠷᠦᠩᠬᠡᠢ ᠱᠦᠵᠢ ᠵᠢᠨ ᠹᠦᠵᠢᠶᠠᠨ᠎ᠳᠤ ᠠᠵᠢᠯᠯᠠᠵᠤ ᠪᠠᠶ᠋ᠢᠬᠤ᠎ᠳᠠᠭᠠᠨ ᠪᠡᠶ᠎ᠡ᠎ᠪᠠᠷ ᠵᠶ᠋ᠡᠨ ᠰᠠᠨᠠᠭ᠋ᠠᠴᠢᠯᠠᠵᠤ ᠶᠡᠬᠡᠪᠡᠷ ᠬᠡᠷᠡᠭᠵᠢᠭᠦᠯᠦᠭᠰᠡᠨ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠠᠵᠢᠯ᠎ᠤᠨ ᠳᠦᠷᠢᠮ᠎ᠳᠤ ᠠᠷᠠᠳ᠎ᠤᠨ ᠲᠥᠯᠥᠭᠡ ᠦᠢ᠍ᠯᠡᠴᠢᠯᠡᠬᠦ ᠭᠦᠨ ᠵᠤᠵᠠᠭ᠋ᠠᠨ ᠬᠠᠶ᠋ᠢᠷ᠎ᠠ ᠰᠡᠳᠬᠢᠯᠭᠡ ᠠᠭᠤᠯᠤᠭᠳᠠᠵᠤ᠂ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠬᠤ ᠠᠮᠢᠳᠤᠯᠢᠭ ᠦᠢ᠍ᠯᠡᠳᠦᠯᠭᠡ ᠪᠠᠢ᠌ᠵᠤ᠂ ᠺᠠᠳ᠋ᠷ᠎ᠤᠨ ᠰᠤᠷᠲᠠᠯ᠎ᠢ ᠬᠤᠪᠢᠷᠠᠭᠤᠯᠵᠤ᠂ ᠤᠯᠠᠨ ᠲᠦᠮᠡᠨ᠎ᠤ ᠬᠦᠴᠢᠷ ᠵᠣᠪᠠᠭᠤᠷᠢ ᠵᠢ ᠰᠢᠢ᠍ᠳᠪᠦᠷᠢᠯᠡᠵᠦ᠂ ᠬᠥᠭᠵᠢᠯᠲᠡ ᠵᠢ ᠠᠬᠢᠭᠤᠯᠬᠤ ᠪᠦᠲᠦᠮᠵᠢᠲᠡᠢ ᠠᠷᠭ᠎ᠠ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠨᠠᠮ᠎ᠤᠨ ᠡᠭᠦᠷ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ᠂ ᠮᠠᠷᠺᠰ᠎ᠤᠨ ᠦᠵᠡᠯ ᠪᠣᠯᠣᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡ ᠬᠦ᠌ ᠰᠦᠭ ᠰᠦᠨᠡᠰᠦ ᠪᠠ ᠦᠨᠳᠦᠰᠦ ᠰᠤᠷᠪᠤᠯᠵᠢ ᠵᠢ ᠪᠠᠲᠤ ᠰᠠᠬᠢᠵᠤ᠂ ᠨᠠᠮ᠎ᠤᠨ ᠤᠨᠤᠯ᠎ᠤᠨ ᠰᠢᠨ᠎ᠡ ᠡᠭᠦᠳᠦᠯᠲᠡ ᠵᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢ᠌ᠷᠡᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠤᠬᠠᠮᠰᠠᠷ᠎ᠠᠴᠠ᠎ᠪᠠᠨ ᠰᠠᠶ᠋ᠢᠲᠤᠷ ᠰᠤᠷᠤᠯᠴᠠᠨ ᠰᠠᠶ᠋ᠢᠲᠤᠷ ᠣᠢ᠌ᠯᠠᠭ᠋ᠠᠵᠤ᠂ ᠨᠠᠮ᠎ᠤᠨ ᠰᠢᠨ᠎ᠡ ᠡᠭᠦᠳᠦᠯᠲᠡ ᠵᠢ ᠠᠰᠢᠭᠯᠠᠨ ᠠᠰᠠᠭᠤᠳᠠᠯ᠎ᠢ ᠰᠤᠳᠤᠯᠬᠤ᠂ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠦᠨᠡᠨᠬᠦ ᠠᠵᠢᠯ ᠵᠶ᠋ᠠᠨ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠬᠤ ᠬᠡᠷᠡᠭᠲᠡᠢ᠃ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠰᠢᠯᠢᠳᠡᠭ ᠰᠤᠷᠲᠠᠯ᠎ᠢ ᠶᠡᠬᠡᠪᠡᠷ ᠪᠠᠳᠠᠷᠠᠭᠤᠯᠵᠤ᠂ 《ᠮᠢᠩᠭ᠋ᠠᠨ ᠲᠦᠮᠡᠨ ᠢᠨᠵᠧᠨᠧᠷᠢᠩ》 《ᠫᠦᠵᠢᠶᠠᠩ᠎ᠤᠨ ᠲᠤᠷᠰᠢᠯᠭ᠎ᠠ》 ᠵᠢ ᠭᠦᠨᠵᠡᠭᠡᠢ ᠰᠤᠷᠤᠯᠴᠠᠨ ᠦᠢ᠍ᠯᠡᠳᠦᠯᠭᠡᠵᠢᠭᠦᠯᠬᠦ᠎ᠲᠠᠢ ᠤᠶᠠᠯᠳᠤᠭᠤᠯᠵᠤ᠂ ᠤᠯᠠᠨ ᠲᠦᠮᠡᠨᠴᠢ ᠦᠵᠡᠯᠲᠡ ᠵᠢ ᠪᠠᠲᠤ ᠪᠤᠢ ᠪᠣᠯᠭ᠋ᠠᠵᠤ᠂ ᠨᠠᠷᠢᠨ ᠬᠢᠨᠠᠮᠠᠭ᠋ᠠᠢ ᠪᠠᠢ᠌ᠴᠠᠭ᠋ᠠᠨ ᠰᠤᠳᠤᠯᠤᠯᠲᠠ ᠬᠢᠵᠦ᠂ ᠦᠨᠡᠨ᠎ᠠᠴᠠ ᠵᠥᠪ᠎ᠢ ᠡᠷᠢᠵᠦ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠵᠤ ᠨᠠᠷᠢᠨ ᠠᠳᠬᠤᠵᠤ ᠪᠣᠳᠠᠲᠠᠢ ᠠᠳᠬᠤᠬᠤ ᠬᠡᠷᠡᠭᠲᠡᠢ ᠭᠡᠵᠦ ᠱᠠᠭ᠋ᠠᠷᠳᠠᠪᠠ᠃

      ᠬᠤᠷᠠᠯ᠎ᠠᠴᠠ ᠪᠠᠰᠠ ᠭᠤᠷᠪᠠᠳᠤᠭ᠋ᠠᠷ ᠬᠤᠭᠤᠴᠠᠭ᠋ᠠᠨ᠎ᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠨ ᠰᠤᠷᠤᠯᠴᠠᠯᠭ᠎ᠠ ᠵᠢᠨ ᠠᠭᠤᠯᠭ᠎ᠠ ᠵᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠪᠤᠭᠤᠲᠤ ᠬᠣᠲᠠ᠎ᠳᠤ ᠬᠦᠷᠴᠦ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠵᠢᠴᠢ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢᠨ ᠥᠪᠥᠷ ᠮᠣᠩᠭᠣᠯ᠎ᠤᠨ ᠦᠢ᠍ᠯᠡᠳᠦᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ 2023 ᠣᠨ᠎ᠤ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
 
             蒙ICP备05000248号