ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠪᠤᠭᠤᠲᠤ ᠬᠣᠲᠠ᠎ᠳᠤ ᠬᠦᠷᠴᠦ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2023-08-09

      ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠪᠠ ᠭᠣᠣᠯ ᠪᠣᠯᠬᠤ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠭᠦᠨᠵᠡᠭᠡᠢ ᠥᠷᠨᠢᠭᠦᠯᠵᠦ᠂ ᠣᠷᠴᠢᠨ ᠲᠣᠭᠣᠷᠢᠨ᠎ᠤ ᠪᠦᠷᠢᠳᠬᠡᠯ ᠪᠣᠯᠣᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠵᠣᠯᠭ᠋ᠠᠭᠤᠯᠤᠨ ᠠᠭᠤᠰᠤᠯᠴᠠᠭᠤᠯᠬᠤ ᠵᠢ ᠠᠬᠢᠭᠤᠯᠬᠤ ᠵᠢᠨ ᠲᠥᠯᠥᠭᠡ᠂ 8 ᠰᠠᠷ᠎ᠠ ᠵᠢᠨ 3᠎ᠠᠴᠠ 4᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠠᠴᠠ ᠪᠤᠭᠤᠲᠤ ᠬᠤᠳᠠ ᠵᠢᠨ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠳᠦᠷᠦᠯ᠎ᠤᠨ ᠬᠡᠰᠡᠭ ᠠᠵᠤ ᠠᠬᠤᠢ᠌ᠯᠠᠯ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ᠃

      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠡᠩ ᠲᠡᠷᠢᠭᠦᠨ᠎ᠳᠤ ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠰᠠᠯᠠᠭ᠎ᠠ ᠲᠠᠰᠤᠭ᠎ᠤᠨ ᠠᠵᠢᠯᠲᠠᠨ᠎ᠲᠠᠢ ᠶᠠᠷᠢᠯᠴᠠᠨ ᠰᠣᠯᠢᠯᠴᠠᠵᠤ᠂ ᠪᠤᠭᠤᠲᠤ ᠬᠤᠳᠠ ᠵᠢᠨ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠳᠦᠷᠦᠯ᠎ᠤᠨ ᠣᠳᠣᠬᠢ ᠪᠠᠶ᠋ᠢᠳᠠᠯ᠂ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠵᠢᠴᠢ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠴᠢᠭᠯᠡᠯ᠎ᠢ ᠭᠦᠢ᠍ᠴᠡᠳ ᠣᠢ᠌ᠯᠠᠭ᠋ᠠᠪᠠ᠃ ᠳᠠᠷᠠᠭ᠎ᠠ᠎ᠨᠢ᠂ ᠪᠤᠭᠤᠲᠤ ᠬᠤᠳᠠ ᠵᠢᠨ ᠰᠢᠨ ᠶᠤᠸᠠᠨ ᠬᠣᠪᠣᠷ ᠰᠢᠷᠣᠢ ᠵᠢᠨ ᠳᠡᠭᠡᠳᠦ ᠰᠢᠨ᠎ᠡ ᠮᠠᠲᠧᠷᠢᠶᠠᠯ᠎ᠤᠨ ᠬᠢᠵᠠᠭ᠋ᠠᠷᠲᠤ ᠺᠣᠮᠫᠠᠨᠢ᠂ ᠪᠤᠭᠤᠲᠤ ᠬᠤᠳᠠ ᠵᠢᠨ ᠵᠦᠩ ᠰᠢᠨ ᠠᠨ᠎ᠲᠠᠢ ᠰᠣᠷᠢᠨᠵᠢᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠪᠣᠯᠣᠨ ᠪᠤᠭᠤᠲᠤ ᠵᠢᠨ ᠬᠤᠸᠠ ᠮᠧᠢ ᠬᠣᠪᠣᠷ ᠰᠢᠷᠣᠢ ᠵᠢᠨ ᠳᠡᠭᠡᠳᠦ ᠰᠢᠨᠵᠢᠯᠡᠬᠦ ᠤᠬᠠᠭ᠋ᠠᠨ᠎ᠤ ᠬᠢᠵᠠᠭ᠋ᠠᠷᠲᠤ ᠺᠣᠮᠫᠠᠨᠢ᠎ᠪᠠᠷ ᠬᠦᠷᠴᠦ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠤᠷᠠᠯᠠᠯ᠎ᠤᠨ ᠶᠠᠪᠤᠴᠠ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠠᠩᠭᠢᠯᠠᠭ᠎ᠠ ᠵᠢᠨ ᠴᠡᠭ ᠵᠢᠴᠢ ᠣᠳᠣ ᠪᠠᠢ᠌ᠭ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠮᠡᠷᠭᠡᠵᠢᠯ᠎ᠢ ᠨᠠᠷᠢᠨ ᠣᠢ᠌ᠯᠠᠭ᠋ᠠᠵᠤ᠂ ᠡᠭᠦᠨ᠎ᠤ ᠬᠠᠮᠲᠤ ᠰᠠᠨᠠᠭ᠋ᠠᠴᠢᠯᠠᠭ᠎ᠠ᠎ᠠᠴᠠ᠎ᠪᠠᠨ 《ᠬᠠᠤᠯᠢ ᠴᠠᠭ᠋ᠠᠵᠠ ᠵᠢ ᠠᠵᠤ ᠠᠬᠤᠢ᠌ᠯᠠᠯ᠎ᠳᠤ ᠬᠦᠷᠭᠡᠵᠦ》᠂ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠤᠨ ᠮᠡᠷᠭᠡᠵᠢᠯ᠎ᠤᠨ ᠵᠢᠷᠤᠮᠵᠢᠯ᠎ᠢ ᠬᠢᠨᠠᠨ ᠣᠯᠭᠣᠵᠤ᠂ ᠲᠣᠰ ᠠᠵᠢᠯ ᠲᠥᠷᠥᠯ᠎ᠤᠨ ᠵᠶ᠋ᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠲᠠᠭᠯᠠᠨ ᠮᠡᠳᠡᠭᠦᠯᠬᠦ ᠵᠢᠴᠢ ᠮᠡᠳᠡᠭᠦᠯᠦᠯᠲᠡ ᠵᠢ ᠬᠡᠷᠡᠭᠵᠢᠭᠦᠯᠬᠦ ᠶᠠᠪᠤᠴᠠ᠎ᠳᠠᠬᠢ ᠭᠣᠣᠯᠳᠠᠯᠭ᠎ᠠ᠎ᠲᠠᠢ᠂ ᠬᠦᠴᠢᠷ ᠠᠰᠠᠭᠤᠳᠠᠯ᠎ᠢ ᠨᠠᠷᠢᠨ ᠬᠢᠨᠠᠮᠠᠭ᠋ᠠᠢ ᠲᠠᠢ᠌ᠯᠪᠤᠷᠢᠯᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠵᠢᠴᠢ ᠦᠨᠡᠮᠯᠡᠯ ᠣᠯᠣᠭᠰᠠᠨ᠎ᠤ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠢᠳᠡᠪᠬᠢᠲᠡᠢ ᠤᠬᠠᠭᠤᠯᠵᠤ᠂ ᠲᠤᠬᠠᠢ ᠵᠢᠨ ᠲᠠᠯᠠᠪᠤᠷ᠎ᠲᠤ ᠠᠵᠤ ᠠᠬᠤᠢ᠌ᠯᠠᠯ᠎ᠤᠨ ᠲᠥᠭᠡᠷᠢᠭᠳᠡᠯ᠎ᠢ ᠴᠠᠭ ᠲᠤᠬᠠᠢ᠎ᠳᠤᠨᠢ ᠲᠠᠢ᠌ᠯᠪᠤᠷᠢᠯᠠᠨ ᠥᠭᠴᠦ᠂ ᠠᠵᠤ ᠠᠬᠤᠢ᠌ᠯᠠᠯ᠎ᠤᠨ ᠥᠪᠡᠷ᠎ᠤᠨ ᠪᠡᠶ᠎ᠡ᠎ᠪᠠᠨ ᠭᠡᠷᠡᠴᠢᠯᠡᠵᠦ ᠬᠠᠤᠯᠢ ᠵᠢ ᠰᠠᠬᠢᠬᠤ ᠤᠬᠠᠮᠰᠠᠷ᠎ᠢ ᠳᠡᠭᠡᠭᠰᠢᠯᠡᠭᠦᠯᠪᠡ᠃

      ᠲᠣᠰ ᠤᠳᠠᠭ᠋ᠠᠨ᠎ᠤ ᠪᠠᠢ᠌ᠴᠠᠭ᠋ᠠᠨ ᠰᠤᠳᠤᠯᠤᠯᠲᠠ᠎ᠳᠤ ᠲᠤᠬᠠᠢ ᠵᠢᠨ ᠲᠠᠯᠠᠪᠤᠷ᠎ᠤᠨ ᠰᠣᠷᠪᠤᠯᠵᠢᠯᠠᠭ᠎ᠠ ᠪᠠ ᠡᠮᠬᠢᠯᠡᠨ ᠳ᠋ᠦᠩᠨᠡᠬᠦ᠎ᠪᠠᠷ ᠳᠡᠮᠵᠢᠨ᠂ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠲᠠᠭᠯᠠᠨ ᠮᠡᠳᠡᠭᠦᠯᠬᠦ ᠪᠣᠳᠠᠲᠠᠢ ᠠᠰᠠᠭᠤᠳᠠᠯ᠎ᠢ ᠤᠯᠠᠮ ᠨᠢᠭᠡ ᠠᠯᠬᠤᠮ ᠡᠵᠡᠮᠰᠢᠭᠰᠡᠨ ᠪᠥᠭᠡᠳ ᠬᠦᠴᠢᠷ ᠪᠡᠷᠬᠡᠰᠢᠶᠡᠯ᠎ᠢ ᠨᠢᠭᠤᠷᠳᠠᠨ ᠰᠣᠨᠣᠰᠴᠤ᠂ ᠠᠬᠤᠢ ᠲᠠᠯᠠᠪᠠᠢ᠎ᠳᠤ ᠬᠠᠪᠰᠤᠷᠤᠨ ᠲᠡᠳᠬᠦᠬᠦ᠎ᠪᠠᠷ ᠳᠡᠮᠵᠢᠨ ᠮᠠᠳᠠᠭ᠎ᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠲᠠᠭᠯᠠᠨ ᠮᠡᠳᠡᠭᠦᠯᠬᠦ ᠴᠢᠳᠠᠪᠤᠷᠢ ᠪᠠ ᠲᠠᠭᠯᠠᠨ ᠮᠡᠳᠡᠭᠦᠯᠬᠦ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠦᠭᠰᠡᠨ ᠪᠠᠢ᠌ᠨ᠎ᠠ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠳᠡᠳ᠋ ᠡᠷᠬᠢᠯᠡᠭᠴᠢ ᠮᠠ ᡁᠢ ᠮᠢᠩ ᠵᠢᠴᠢ ᠲᠤᠬᠠᠢ᠌ᠯᠠᠭᠰᠠᠨ ᠠᠵᠢᠯ᠎ᠤᠨ ᠰᠠᠯᠠᠭ᠎ᠠ ᠲᠠᠰᠤᠭ᠎ᠤᠨ ᠬᠠᠮᠢᠶ᠎ᠠ ᠪᠦᠬᠦᠢ ᠮᠡᠷᠭᠡᠵᠢᠯ᠎ᠤᠨ ᠠᠵᠢᠯᠲᠠᠳ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠵᠢᠴᠢ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢᠨ ᠥᠪᠥᠷ ᠮᠣᠩᠭᠣᠯ᠎ᠤᠨ ᠦᠢ᠍ᠯᠡᠳᠦᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ 2023 ᠣᠨ᠎ᠤ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
 
             蒙ICP备05000248号