ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠠᠵᠢᠯ ᠲᠥᠷᠥᠯ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠥᠷᠥ ᠵᠢᠨ ᠪᠣᠳᠣᠯᠭ᠎ᠠ ᠵᠢᠨ ᠰᠤᠳᠤᠯᠤᠯ》 ᠭᠡᠬᠦ ᠰᠡᠳᠦᠪ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-08-22

      ᠰᠡᠳᠦᠪ᠎ᠤᠨ ᠠᠬᠢᠴᠠ ᠵᠢ ᠤᠯᠠᠮ ᠨᠢᠭᠡ ᠠᠯᠬᠤᠮ ᠡᠵᠡᠮᠰᠢᠵᠦ᠂ ᠰᠡᠳᠦᠪ᠎ᠤᠨ ᠰᠤᠳᠤᠯᠭ᠋ᠠᠨ᠎ᠤ ᠡᠭᠦᠷᠭᠡ᠎ᠪᠠᠨ ᠴᠠᠭ ᠲᠤᠬᠠᠢ᠎ᠳᠤᠨᠢ ᠴᠢᠨᠠᠷ᠎ᠢ ᠪᠠᠲᠤᠯᠠᠨ ᠪᠡᠶᠡᠯᠡᠭᠦᠯᠬᠦ ᠵᠢᠨ ᠲᠥᠯᠥᠭᠡ᠂ 8 ᠰᠠᠷ᠎ᠠ ᠵᠢᠨ 16᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ᠎ᠬᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠠᠵᠢᠯ ᠲᠥᠷᠥᠯ ᠪᠠ ᠣᠷᠣᠨ ᠪᠦᠰᠡ ᠠᠯᠤᠰᠯᠠᠭᠰᠠᠨ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠥᠷᠥ ᠵᠢᠨ ᠪᠣᠳᠣᠯᠭ᠎ᠠ ᠵᠢᠨ ᠰᠤᠳᠤᠯᠤᠯ》 ᠭᠡᠬᠦ ᠰᠡᠳᠦᠪ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃

      ᠬᠤᠷᠠᠯ ᠳᠡᠭᠡᠷ᠎ᠡ᠂ ᠰᠤᠳᠤᠯᠭ᠋ᠠᠨ᠎ᠤ ᠰᠡᠳᠦᠪ᠎ᠢ ᠳᠠᠭ᠋ᠠᠭ᠋ᠠᠨ ᠭᠦᠢ᠍ᠴᠡᠳᠭᠡᠭᠴᠢ ᠲᠠᠯ᠎ᠠ ᠵᠢᠨ᠎ᠬᠢᠨ ᠰᠡᠳᠦᠪ᠎ᠤᠨ ᠰᠤᠳᠤᠯᠭ᠋ᠠᠨ᠎ᠤ ᠠᠬᠢᠴᠠ᠂ ᠱᠠᠲᠤ ᠦᠶ᠎ᠡ ᠵᠢᠨ ᠴᠢᠨᠠᠷᠲᠠᠢ ᠰᠤᠳᠤᠯᠭ᠋ᠠᠨ᠎ᠤ ᠦᠷ᠎ᠡ ᠪᠦᠲᠦᠭᠡᠯ᠂ ᠲᠤᠯᠭ᠋ᠠᠷᠠᠭᠰᠠᠨ ᠬᠦᠴᠢᠷᠳᠡᠯ ᠵᠢᠴᠢ ᠳᠠᠷᠠᠭ᠋ᠠᠴᠢ ᠵᠢᠨ ᠱᠠᠲᠤᠨ᠎ᠤ ᠠᠵᠢᠯ᠎ᠤᠨ ᠰᠡᠳᠬᠢᠴᠡ ᠵᠡᠷᠭᠡ ᠠᠭᠤᠯᠭ᠎ᠠ ᠵᠢ ᠨᠠᠷᠢᠨ ᠨᠢᠭᠲᠠ ᠬᠠᠷᠢᠭᠤ ᠮᠡᠳᠡᠭᠦᠯᠵᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠠᠵᠢᠯ ᠲᠥᠷᠥᠯ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠥᠷᠥ ᠵᠢᠨ ᠪᠣᠳᠣᠯᠭ᠎ᠠ ᠵᠢᠨ ᠰᠤᠳᠤᠯᠤᠯ》᠎ᠤᠨ ᠰᠡᠳᠦᠪ᠎ᠲᠤ VOCs ᠠᠵᠢᠯ ᠲᠥᠷᠥᠯ᠎ᠤᠨ ᠢᠯᠭ᠋ᠠᠨ ᠲᠠᠨᠢᠬᠤ᠂ ᠠᠵᠤ ᠠᠬᠤᠢ᠌ᠯᠠᠯ᠎ᠤᠨ ᠬᠤᠪᠢᠶᠠᠷᠢᠯᠠᠯᠲᠠ᠂ ᠠᠷᠠᠯᠵᠢᠶᠠᠨ᠎ᠤ ᠬᠡᠷᠡᠭᠵᠢᠭᠦᠯᠦᠯᠲᠡ᠂ ᠳᠦᠷᠢᠮ᠎ᠤᠨ ᠵᠣᠯᠭ᠋ᠠᠭᠤᠯᠤᠯᠲᠠ ᠵᠡᠷᠭᠡ ᠲᠠᠯ᠎ᠠ ᠵᠢᠨ ᠰᠤᠳᠤᠯᠭ᠋ᠠᠨ᠎ᠤ ᠠᠭᠤᠯᠭ᠎ᠠ ᠪᠠᠭᠲᠠᠨ᠎ᠠ᠃ VOCs᠎ᠢ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠳᠦᠷᠢᠮ᠎ᠤᠨ ᠬᠠᠮᠢᠶᠠᠷᠤᠨ ᠡᠵᠡᠮᠳᠡᠬᠦ ᠬᠡᠪᠴᠢᠶᠡᠨ᠎ᠳᠤ ᠣᠷᠣᠭᠤᠯᠬᠤ ᠵᠢ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠎ᠤ VOCs᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠳᠤᠲᠠᠭᠤᠳᠠᠯ᠎ᠢ ᠨᠥᠬᠥᠪᠦᠷᠢᠯᠡᠵᠦ᠂ ᠣᠲᠣ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠦᠨ᠂ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠬᠤ ᠪᠣᠯᠣᠨ᠎ᠠ᠃

      ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠰᠤᠳᠤᠯᠭ᠋ᠠᠨ᠎ᠤ ᠰᠡᠳᠦᠪ᠎ᠤᠨ ᠠᠵᠢᠯ᠎ᠤᠨ ᠠᠬᠢᠴᠠ ᠵᠢᠴᠢ ᠣᠯᠣᠭᠰᠠᠨ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠭᠡᠯ᠎ᠢ ᠭᠦᠢ᠍ᠴᠡᠳ ᠨᠤᠲᠠᠯᠠᠵᠤ᠂ ᠡᠭᠦᠨ᠎ᠤ ᠬᠠᠮᠲᠤ ᠰᠤᠳᠤᠯᠭ᠋ᠠᠨ᠎ᠤ ᠰᠡᠳᠦᠪ᠎ᠤᠨ ᠰᠤᠳᠤᠯᠭ᠋ᠠᠨ᠎ᠢ ᠭᠦᠨᠵᠡᠭᠡᠢ ᠠᠬᠢᠭᠤᠯᠬᠤ᠎ᠳᠤ ᠵᠢᠯᠤᠭᠣᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠴᠤ᠂ ᠰᠤᠳᠤᠯᠭ᠋ᠠᠨ᠎ᠤ ᠰᠡᠳᠦᠪ᠎ᠢ ᠳᠠᠭ᠋ᠠᠭ᠋ᠠᠨ ᠭᠦᠢ᠍ᠴᠡᠳᠭᠡᠭᠴᠢ ᠲᠠᠯ᠎ᠠ ᠵᠢᠨ᠎ᠬᠢᠨ ᠰᠤᠳᠤᠯᠭ᠋ᠠᠨ᠎ᠤ ᠰᠡᠳᠦᠪ᠎ᠤᠨ ᠬᠡᠷᠡᠭᠵᠢᠭᠦᠯᠬᠦ ᠲᠥᠰᠥᠯ᠎ᠢ ᠬᠢᠨᠠᠮᠠᠭ᠋ᠠᠢ ᠬᠠᠷᠭᠤᠭᠤᠯᠵᠤ᠂ ᠰᠤᠳᠤᠯᠭ᠋ᠠᠨ᠎ᠤ ᠰᠡᠳᠦᠪ᠎ᠤᠨ ᠠᠭᠤᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠮᠢᠶ᠎ᠠ ᠪᠦᠬᠦᠢ ᠲᠤᠰᠬᠠᠢ ᠰᠡᠳᠦᠪᠲᠦ ᠮᠡᠳᠡᠭᠦᠯᠦᠯᠲᠡ ᠵᠢ ᠲᠦᠷᠭᠡᠬᠡᠨ ᠪᠤᠢ ᠪᠣᠯᠭ᠋ᠠᠵᠤ᠂ ᠥᠪᠥᠷ ᠮᠣᠩᠭᠣᠯ᠎ᠤᠨ VOCs ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ᠎ᠳᠤ ᠰᠢᠢ᠍ᠳᠪᠦᠷᠢᠲᠦ ᠪᠣᠳᠣᠯᠭ᠎ᠠ ᠵᠢᠨ ᠯᠠᠪᠯᠠᠯᠲᠠ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠪᠤᠭᠤᠲᠤ ᠬᠣᠲᠠ᠎ᠳᠤ ᠬᠦᠷᠴᠦ ᠬᠣᠪᠣᠷ ᠰᠢᠷᠣᠢ ᠵᠢᠨ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠵᠢᠴᠢ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢᠨ ᠥᠪᠥᠷ ᠮᠣᠩᠭᠣᠯ᠎ᠤᠨ ᠦᠢ᠍ᠯᠡᠳᠦᠯᠭᠡ
 
             蒙ICP备05000248号