8 ᠰᠠᠷ᠎ᠠ ᠵᠢᠨ 29᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠪᠠᠢ᠌ᠭᠤᠯᠤᠯᠭ᠎ᠠ ᠵᠢᠨ ᠨᠠᠮ᠎ᠤᠨ ᠬᠣᠷᠢᠶ᠎ᠠ ᠵᠢᠨ ᠭᠡᠰᠢᠭᠦᠨ ᠠᠶᠤᠩᠭ᠎ᠠ ᠬᠤᠷᠠᠯ᠎ᠳᠤ ᠣᠷᠣᠯᠴᠠᠨ ᠵᠢᠭ᠋ᠠᠨ ᠵᠢᠯᠤᠭᠣᠳᠴᠤ᠂ ᠨᠠᠮ᠎ᠤᠨ ᠡᠭᠦᠷ᠎ᠤᠨ ᠱᠦᠵᠢ ᠾᠧ ᠰᠢᠶᠣᠣ ᠫᠢᠩ ᠬᠤᠷᠠᠯ ᠡᠷᠭᠢᠯᠡᠵᠦ᠂ ᠪᠥᠬᠥ ᠨᠠᠮ᠎ᠤᠨ ᠭᠡᠰᠢᠭᠦᠳ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠾᠧ ᠰᠢᠶᠣᠣ ᠫᠢᠩ ᠡᠩ ᠲᠡᠷᠢᠭᠦᠨ᠎ᠳᠤ 2022 ᠣᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠵᠠᠷᠯᠠᠨ ᠮᠡᠳᠡᠭᠳᠡᠭᠰᠡᠨ ᠪᠥᠭᠡᠳ ᠨᠠᠮ᠎ᠤᠨ ᠡᠭᠦᠷ᠎ᠤᠨ ᠤᠳᠤᠷᠢᠳᠬᠤ ᠪᠠᠭ᠎ᠢ ᠲᠥᠯᠥᠭᠡᠯᠡᠨ ᠤᠨᠤᠯ᠎ᠤᠨ ᠰᠤᠷᠤᠯᠴᠠᠯᠭ᠎ᠠ᠂ ᠤᠯᠤᠰ ᠲᠥᠷᠥ ᠵᠢᠨ ᠬᠡᠪ ᠴᠢᠨᠠᠷ᠂ ᠤᠷ᠎ᠠ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠭᠠᠷᠭ᠋ᠠᠬᠤ᠂ ᠠᠵᠢᠯ᠎ᠤᠨ ᠰᠤᠷᠲᠠᠯ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠪᠠ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠲᠥᠪᠯᠡᠷᠡᠭᠦᠯᠦᠨ ᠵᠠᠷᠯᠠᠨ ᠮᠡᠳᠡᠭᠳᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠡᠷᠭᠡ ᠲᠠᠯ᠎ᠠ᠎ᠪᠠᠷ ᠬᠠᠷᠢᠴᠠᠭᠤᠯᠤᠨ ᠪᠠᠢ᠌ᠴᠠᠭ᠋ᠠᠪᠠ᠃ ᠳᠠᠷᠠᠭ᠎ᠠ᠎ᠨᠢ ᠨᠠᠮ᠎ᠤᠨ ᠡᠭᠦᠷ᠎ᠤᠨ ᠭᠡᠰᠢᠭᠦᠳ ᠳᠠᠷᠠᠭ᠎ᠠ ᠳᠠᠷᠠᠭ᠎ᠠ᠎ᠪᠠᠷ ᠬᠠᠷᠢᠴᠠᠭᠤᠯᠤᠨ ᠪᠠᠢ᠌ᠴᠠᠭ᠋ᠠᠯᠲᠠ ᠬᠢᠵᠦ᠂ ᠬᠠᠷᠢᠯᠴᠠᠨ ᠰᠢᠭᠦᠮᠵᠢᠯᠡᠬᠦ ᠠᠵᠢᠯᠯᠠᠭ᠎ᠠ ᠥᠷᠨᠢᠭᠦᠯᠪᠡ᠃
ᠠᠶᠤᠩᠭ᠎ᠠ ᠲᠤᠰ ᠤᠳᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠭᠦᠢ᠍ᠴᠡᠳ ᠨᠤᠲᠠᠯᠠᠵᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ᠂ ᠢᠲᠡᠭᠡᠯ ᠵᠣᠷᠢᠭ ᠵᠶ᠋ᠠᠨ ᠨᠡᠮᠡᠭᠳᠡᠭᠦᠯᠵᠦ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠣᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠺᠠᠳ᠋ᠷ᠎ᠢ ᠠᠬᠢᠭᠤᠯᠬᠤ ᠲᠠᠯ᠎ᠠ᠎ᠪᠠᠷ ᠣᠯᠣᠭᠰᠠᠨ ᠦᠷ᠎ᠡ ᠪᠦᠲᠦᠮᠵᠢ ᠵᠢ ᠭᠦᠨᠵᠡᠭᠡᠢ᠌ᠷᠡᠭᠦᠯᠦᠨ ᠪᠡᠬᠢᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠣᠨᠣᠪᠴᠢᠲᠠᠢ ᠪᠡᠬᠢᠵᠢᠭᠦᠯᠦᠨ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠠᠬᠢᠭᠤᠯᠬᠤ ᠠᠵᠢᠯ᠎ᠤᠨ ᠭᠠᠷᠳᠠᠴᠠ ᠪᠣᠯᠣᠨ ᠲᠤᠰᠤᠯᠲᠠ ᠵᠢ ᠠᠬᠢᠭᠤᠯᠵᠤ᠂ ᠲᠤᠰ ᠪᠡᠶ᠎ᠡ ᠵᠢᠨ ᠳᠠᠪᠠᠭᠤᠯᠢᠭ ᠪᠣᠯᠣᠨ ᠬᠦᠷᠦᠯᠴᠡᠬᠦ ᠦᠭᠡᠢ ᠲᠠᠯ᠎ᠠ᠎ᠪᠠᠨ ᠲᠣᠳᠣᠷᠬᠠᠢ᠌ᠯᠠᠬᠤ ᠬᠡᠷᠡᠭᠲᠡᠢ; ᠪᠠᠲᠤ ᠴᠢᠩᠭ᠎ᠠ ᠲᠠᠢ᠌ᠴᠢᠨ ᠪᠡᠬᠢᠯᠡᠯᠲᠡ ᠵᠢ ᠪᠠᠢ᠌ᠭᠤᠯᠵᠤ᠂ ᠨᠠᠮ᠎ᠤᠨ ᠡᠭᠦᠷ᠎ᠤᠨ ᠨᠢᠭᠲᠠᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠨᠠᠮ᠎ᠤᠨ ᠲᠣᠭᠣᠷᠢᠨ᠎ᠳᠤ ᠨᠢᠭᠲᠠ ᠪᠦᠯᠬᠦᠮᠳᠡᠭᠦᠯᠵᠦ᠂ ᠣᠬᠣᠷ ᠬᠤᠭᠤᠴᠠᠭ᠎ᠠ᠂ ᠳᠤᠮᠳᠠ ᠬᠤᠭᠤᠴᠠᠭ᠎ᠠ᠂ ᠤᠷᠳᠤ ᠬᠤᠭᠤᠴᠠᠭ᠋ᠠᠨ᠎ᠤ ᠬᠠᠷᠠᠯᠲᠠᠲᠤ ᠲᠥᠯᠦᠪᠵᠢᠭᠦᠯᠭᠡ ᠵᠢ ᠰᠠᠶ᠋ᠢᠲᠤᠷ ᠲᠣᠭᠲᠠᠭ᠋ᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠠᠢ᠌ᠷᠢᠯᠠᠭᠤᠯᠤᠭᠰᠠᠨ ᠠᠵᠢᠯ᠎ᠤᠨ ᠡᠭᠦᠷᠭᠡ ᠵᠢ ᠦᠨᠡᠨᠬᠦ ᠲᠤᠰ ᠪᠡᠶ᠎ᠡ ᠵᠢᠨ ᠠᠵᠢᠯ᠎ᠤᠨ ᠦᠢ᠍ᠯᠡᠳᠦᠯᠭᠡ ᠪᠣᠯᠭ᠋ᠠᠨ ᠬᠤᠪᠢᠷᠠᠭᠤᠯᠵᠤ᠂ ᠨᠠᠢ᠌ᠳᠠᠪᠤᠷᠢᠵᠢᠭᠤᠯᠤᠯᠲᠠ ᠵᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠬᠤ ᠬᠡᠷᠡᠭᠲᠡᠢ᠃
ᠾᠧ ᠰᠢᠶᠣᠣ ᠫᠢᠩ ᠨᠠᠮ᠎ᠤᠨ ᠡᠭᠦᠷ᠎ᠤᠨ ᠤᠳᠤᠷᠢᠳᠬᠤ ᠪᠠᠭ᠎ᠢ ᠲᠥᠯᠥᠭᠡᠯᠡᠨ ᠴᠡᠭᠴᠡᠯᠡᠨ ᠰᠠᠢ᠌ᠵᠢᠷᠠᠭᠤᠯᠬᠤ ᠠᠵᠢᠯ᠎ᠳᠤ ᠣᠪᠣᠷ ᠵᠶ᠋ᠠᠨ ᠢᠯᠡᠳᠬᠡᠪᠡ᠃ ᠨᠢᠭᠡ᠎ᠳᠤ᠂ ᠨᠠᠮ᠎ᠤᠨ ᠰᠢᠨ᠎ᠡ ᠵᠢ ᠡᠭᠦᠳᠬᠦ ᠤᠨᠤᠯ ᠪᠠ ᠲᠤᠰᠬᠠᠢ ᠮᠡᠷᠭᠡᠵᠢᠯ᠎ᠤᠨ ᠮᠡᠳᠡᠯᠭᠡ᠎ᠪᠠᠷ ᠵᠡᠪᠰᠡᠭᠯᠡᠬᠦ ᠵᠢ ᠦᠷᠭᠦᠯᠵᠢᠯᠡᠨ ᠴᠢᠩᠭ᠋ᠠᠳᠬᠠᠵᠤ᠂ ᠤᠳᠤᠷᠢᠳᠬᠤ ᠪᠠᠭ᠎ᠤᠨ ᠪᠦᠷᠢᠯᠳᠦᠬᠦᠨ᠎ᠤ ᠤᠯᠤᠰ ᠲᠥᠷᠥ ᠵᠢᠨ ᠬᠡᠪ ᠴᠢᠨᠠᠷ᠂ ᠤᠨᠤᠯ᠎ᠤᠨ ᠲᠦᠪᠰᠢᠨ᠂ ᠪᠦᠬᠦ ᠲᠠᠯ᠎ᠠ ᠵᠢᠨ ᠬᠠᠷᠠᠭ᠋ᠠᠰᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠲᠠᠰᠤᠷᠠᠯᠲᠠ ᠦᠭᠡᠢ ᠴᠢᠷᠮᠠᠢ᠌ᠪᠠ᠃ ᠬᠣᠶᠠᠷ᠎ᠲᠤ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠰᠠᠶ᠋ᠢᠲᠤᠷ ᠠᠳᠬᠤᠵᠤ᠂ ᠬᠤᠷᠠᠯ᠎ᠤᠨ ᠳᠠᠷᠠᠭ᠎ᠠ ᠣᠷᠣᠰᠢᠵᠤ ᠪᠠᠢ᠌ᠭ᠎ᠠ ᠠᠰᠠᠭᠤᠳᠠᠯ᠎ᠢ ᠲᠠᠬᠢᠨ ᠡᠮᠬᠢᠯᠡᠵᠦ ᠲᠠᠬᠢᠨ ᠳ᠋ᠦᠩᠨᠡᠵᠦ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠯᠠᠪᠳᠠᠭᠤᠨ ᠪᠠᠲᠤᠲᠠᠢ ᠰᠤᠷᠲᠠᠯ᠂ ᠬᠠᠷᠢᠭᠤᠴᠠᠯᠭ᠋ᠠᠲᠤ ᠣᠪᠣᠷ ᠵᠶ᠋ᠠᠷ ᠠᠰᠠᠭᠤᠳᠠᠯ ᠨᠢᠭᠡᠪᠦᠷᠢ ᠵᠢ ᠴᠡᠭᠴᠡᠯᠡᠨ ᠰᠠᠢ᠌ᠵᠢᠷᠠᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ ᠭᠡᠪᠡ᠃