ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-12-13

      11 ᠳ᠋ᠦ᠍ᠭᠡᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠵᠤ᠂ ᠨᠠᠮ᠎ᠤᠨ ᠡᠭᠦᠷ᠎ᠤᠨ ᠱᠦᠵᠢ ᠾᠧ ᠰᠢᠶᠣᠣ ᠫᠢᠩ ᠬᠤᠷᠠᠯ ᠡᠷᠭᠢᠯᠡᠵᠦ᠂  ᠪᠠᠢ᠌ᠭᠤᠯᠭ᠎ᠠ᠎ᠳᠠᠭᠠᠨ ᠪᠠᠢ᠌ᠭ᠎ᠠ ᠪᠥᠬᠥ ᠨᠠᠮ᠎ᠤᠨ ᠭᠡᠰᠢᠭᠦᠳ ᠬᠤᠷᠠᠯ᠎ᠳᠤ ᠣᠷᠣᠯᠴᠠᠵᠠᠢ᠃

      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ ᠵᠧᠵᠢᠶᠠᠩ᠂ ᠱᠠᠨᠳᠦ᠋ᠩ᠂ ᠵᠢᠶᠠᠩᠰᠢ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠥᠪᠯᠡᠷᠡᠭᠦᠯᠦᠨ ᠰᠤᠷᠤᠯᠴᠠᠪᠠ᠃ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠂ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠤᠨ ᠵᠣᠷᠢᠭ ᠰᠠᠨᠠᠭ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ》 ᠵᠡᠷᠭᠡ ᠵᠢᠷᠭᠤᠭ᠋ᠠᠨ ᠳᠦᠷᠢᠮ ᠵᠢᠴᠢ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》 ᠵᠡᠷᠭᠡ ᠠᠭᠤᠯᠭ᠎ᠠ ᠵᠢ ᠰᠤᠷᠤᠯᠴᠠᠪᠠ᠃

      ᠬᠤᠷᠠᠯ᠎ᠠᠴᠠ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠳᠤᠷᠠᠳᠴᠤ ᠭᠠᠷᠭ᠋ᠠᠭᠰᠠᠨ᠎ᠨᠢ ᠨᠠᠮ᠎ᠤᠨ ᠤᠨᠤᠯ᠎ᠤᠨ ᠪᠠᠢ᠌ᠭᠤᠯᠤᠯᠲᠠ ᠵᠢᠨ ᠪᠠᠰᠠ ᠨᠢᠭᠡᠨ ᠴᠢᠬᠤᠯᠠ ᠶᠡᠬᠡ ᠰᠢᠨ᠎ᠡ ᠡᠭᠦᠳᠦᠯᠲᠡ ᠮᠥᠨ᠃ ᠮᠠᠨ᠎ᠤ ᠨᠠᠮ᠎ᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠣᠶᠣᠯ᠎ᠤᠨ ᠪᠠᠢ᠌ᠭᠤᠯᠤᠯᠲᠠ ᠵᠢᠨ ᠵᠢᠮ᠎ᠡ ᠶᠣᠰᠣᠨ᠎ᠤ ᠲᠤᠬᠠᠢ ᠲᠠᠨᠢᠯᠲᠠ ᠰᠢᠨ᠎ᠡ ᠳᠡᠭᠡᠳᠦ ᠬᠡᠮᠵᠢᠶᠡᠨ᠎ᠳᠤ ᠬᠦᠷᠦᠭᠰᠡᠨ᠎ᠢ ᠬᠠᠷᠠᠭᠤᠯᠵᠤ ᠪᠠᠢ᠌ᠨ᠎ᠠ᠂ ᠨᠠᠮ᠎ᠤᠨ ᠭᠡᠰᠢᠭᠦᠨ ᠺᠠᠳ᠋ᠷᠴᠤᠳ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠋ᠠᠨ᠎ᠤ ᠲᠤᠬᠠᠢ ᠰᠤᠷᠤᠯᠴᠠᠯᠭ᠎ᠠ ᠪᠠ ᠰᠤᠳᠤᠯᠤᠯᠲᠠ᠎ᠪᠠᠨ ᠴᠢᠩᠭ᠋ᠠᠳᠬᠠᠵᠤ᠂ ᠲᠡᠭᠦᠨ᠎ᠤ ᠭᠣᠣᠯᠯᠠᠬᠤ ᠴᠢᠬᠤᠯᠠ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠵᠤ᠂ ᠭᠣᠣᠯ ᠠᠵᠢᠯ᠎ᠤᠨ ᠡᠯ᠎ᠡ ᠲᠠᠯ᠎ᠠ ᠪᠠ ᠪᠦᠬᠦ ᠶᠠᠪᠤᠴᠠ ᠵᠢ ᠤᠬᠠᠮᠰᠠᠷ᠎ᠠᠴᠠ᠎ᠪᠠᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠢ ᠬᠠᠯᠠᠮᠵᠢᠯᠠᠵᠤ ᠪᠠᠶ᠋ᠢᠬᠤ ᠪᠠ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠭᠦᠢ᠍ᠴᠡᠳ ᠢᠯᠡᠷᠡᠭᠦᠯᠵᠡᠢ᠃ ᠨᠠᠮ᠎ᠤᠨ ᠭᠡᠰᠢᠭᠦᠨ ᠺᠠᠳ᠋ᠷ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠦᠨᠡᠨᠴᠢ ᠰᠢᠳᠤᠷᠭᠤ᠎ᠪᠠᠷ ᠪᠣᠳᠠᠲᠠᠢ ᠠᠵᠢᠯᠯᠠᠵᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠡᠷᠭᠢᠯᠲᠡᠲᠦ ᠬᠥᠭᠵᠢᠯᠲᠡ ᠵᠢ ᠠᠬᠢᠭᠤᠯᠬᠤ᠂ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠬᠦ ᠳᠤᠮᠳᠠ ᠲᠤᠯᠭ᠋ᠠᠭᠤᠷᠢᠯᠠᠨ ᠦᠢ᠍ᠯᠡᠴᠢᠯᠡᠬᠦ ᠦᠢ᠍ᠯᠡᠳᠦᠯ ᠵᠶ᠋ᠡᠨ ᠰᠠᠶ᠋ᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢᠨ ᠥᠪᠥᠷ ᠮᠣᠩᠭᠣᠯ᠎ᠤᠨ ᠦᠢ᠍ᠯᠡᠳᠦᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ 2023 ᠣᠨ᠎ᠤ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ 《ᠭᠤᠷᠪᠠᠨ ᠵᠠᠩᠭᠢᠯᠠᠭ᠎ᠠ》 ᠵᠢ ᠴᠢᠩᠭ᠎ᠠ ᠠᠩᠬᠠᠷᠴᠤ ᠭᠣᠣᠯ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠳᠦᠷᠦᠯ ᠵᠦᠢ᠍ᠯ᠎ᠢ ᠬᠢᠨᠠᠨ ᠬᠠᠷᠭᠤᠭᠤᠯᠬᠤ ᠠᠵᠢᠯ᠎ᠢ ᠰᠠᠶ᠋ᠢᠲᠤᠷ ᠠᠳᠬᠤᠨ᠎ᠠ
 
             蒙ICP备05000248号