ᠨᠠᠮᠤᠷ᠎ᠤᠨ ᠰᠡᠭᠦᠯᠴᠢ ᠵᠢᠨ ᠰᠠᠯᠬᠢᠨ᠎ᠤ ᠡᠷᠴᠢ᠎ᠪᠠᠷ ᠡᠪᠡᠰᠦ ᠮᠣᠳᠣᠨ᠎ᠤ ᠬᠢᠷᠠᠭᠤ ᠪᠠᠭᠤᠵᠤ᠂ ᠦᠬᠠᠢ ᠬᠤᠳᠠ ᠵᠢᠨ ᠭᠠᠵᠠᠷ᠎ᠤᠨ ᠭᠠᠳᠠᠷᠭᠤ ᠵᠢᠨ ᠳᠤᠯᠠᠭ᠋ᠠᠨ᠎ᠤ ᠬᠡᠮᠵᠢᠶ᠎ᠡ ᠲᠡᠭ᠎ᠠᠴᠠ ᠳᠣᠷᠣᠭᠰᠢ ᠪᠣᠯᠵᠤ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠨᠡᠭᠦᠷᠡᠰᠦ ᠬᠡᠦᠷᠰᠢᠭᠦᠯᠬᠦ ᠰᠢ ᠯᠠᠢ ᠹᠧᠩ ᠺᠣᠮᠫᠠᠨᠢ ᠵᠢᠨ ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠵᠢᠯ᠎ᠤᠨ 360 ᠲᠦᠮᠡᠨ ᠲᠣᠨ ᠰᠢᠨ᠎ᠡ ᠮᠠᠲ᠋ᠧᠷᠢᠶᠠᠯ ᠵᠢᠴᠢ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠎ᠤᠨ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠲᠤᠬᠠᠢ ᠵᠢᠨ ᠲᠠᠯᠠᠪᠠᠢ᠎ᠳᠤ᠂ ᠰᠤᠪᠤᠷᠭ᠋ᠠᠨ ᠳᠡᠭᠦᠵᠢᠩ ᠰᠡᠬᠦᠶ᠋ᠢᠨ ᠰᠦᠨᠳᠡᠷᠯᠡᠵᠦ᠂ ᠲᠡᠷᠭᠡ ᠬᠥᠰᠬᠡ ᠰᠦᠯᠵᠢᠯᠳᠦᠵᠦ᠂ ᠪᠠᠷᠢᠯᠭ᠎ᠠ ᠵᠢᠨ ᠬᠤᠭᠤᠴᠠᠭ᠎ᠠ ᠵᠢ ᠴᠢᠩᠭ᠎ᠠ ᠠᠳᠬᠤᠵᠤ᠂ ᠠᠵᠢᠯᠴᠢᠳ ᠶᠠᠭ ᠠᠵᠢᠯ ᠵᠶ᠋ᠠᠨ ᠱᠠᠯᠠᠪᠳᠠᠨ ᠡᠮᠬᠢ ᠵᠢᠷᠤᠮ᠎ᠲᠠᠢ ᠬᠢᠵᠦ ᠪᠠᠢ᠌ᠯ᠎ᠠ᠃
ᠲᠥᠷᠥᠯ ᠵᠦᠢ᠍ᠯ᠎ᠤᠨ ᠳᠡᠳ᠋ ᠳᠠᠭ᠋ᠠᠭ᠋ᠠᠮᠠᠯ ᠹᠧᠩ ᠴᠣᠣ ᠲᠠᠨᠢᠯᠴᠠᠭᠤᠯᠬᠤ᠎ᠳᠠᠭᠠᠨ᠄ 《ᠪᠢᠳᠡ ᠲᠥᠷᠥᠯ ᠵᠦᠢ᠍ᠯ ᠵᠶ᠋ᠡᠨ ᠡᠯ᠎ᠡ ᠲᠥᠷᠥᠯ᠎ᠤᠨ ᠪᠣᠬᠢᠷᠲᠤᠯ ᠪᠣᠳᠠᠰ᠎ᠤᠨ ᠬᠡᠲᠦ ᠳᠣᠣᠷ᠎ᠠ ᠭᠠᠳᠠᠭᠰᠢᠯᠠᠭᠤᠯᠤᠯᠲᠠ᠂ ᠠᠮᠢ ᠠᠬᠤᠢ᠌ᠴᠢᠯᠠᠭᠰᠠᠨ᠂ ᠣᠶᠤᠨᠴᠢᠯᠠᠭᠰᠠᠨ ᠳᠡᠯᠡᠬᠡᠢ ᠵᠢᠨ ᠲᠡᠷᠢᠭᠦᠨ ᠲᠠᠰ᠎ᠤᠨ 〈ᠬᠡᠷᠡᠯᠳᠦ ᠴᠠᠮᠬᠠᠭ᠎ᠤᠨ ᠦᠢ᠍ᠯᠡᠳᠪᠦᠷᠢ〉 ᠪᠣᠯᠭ᠋ᠠᠨ ᠪᠦᠲᠦᠭᠡᠨ ᠪᠠᠢ᠌ᠭᠤᠯᠤᠨ᠎ᠠ᠂ ᠬᠦᠬᠦᠷ᠎ᠤᠨ ᠳᠠᠪᠬᠤᠷ ᠢᠰᠦᠯ ᠵᠡᠷᠭᠡ ᠭᠣᠣᠯ ᠪᠣᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠶᠡᠬᠡ᠎ᠪᠠᠷ ᠪᠠᠭᠤᠷᠠᠭᠤᠯᠬᠤ᠎ᠳᠤ᠂ ᠪᠢᠳᠡ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠬᠤᠳᠠᠯᠳᠤᠨ ᠠᠪᠬᠤ᠎ᠳᠤ ᠴᠤ᠌ ᠶᠡᠬᠡ ᠬᠡᠮᠵᠢᠶᠡᠨ᠎ᠤ ᠵᠣᠭᠣᠰ ᠠᠷᠪᠢᠯᠠᠬᠤ ᠪᠣᠯᠣᠨ᠎ᠠ》 ᠭᠡᠵᠡᠢ᠃
ᠹᠧᠩ ᠴᠣᠣ ᠵᠢᠨ ᠬᠡᠯᠡᠵᠦ ᠪᠠᠢ᠌ᠭ᠎ᠠ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠭᠡᠳᠡᠭ᠎ᠨᠢ ᠭᠣᠣᠯᠳᠠᠭᠤ ᠵᠠᠬ᠎ᠠ ᠳᠡᠯᠭᠡᠭᠦᠷ᠎ᠤᠨ ᠠᠷᠭ᠎ᠠ ᠪᠠᠷᠢᠯ ᠵᠶ᠋ᠠᠷ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠣᠷᠴᠢᠨ ᠲᠣᠭᠣᠷᠢᠨ᠎ᠤ ᠡᠬᠢ ᠪᠠᠶᠠᠯᠢᠭ᠎ᠢ ᠦᠨ᠎ᠡ ᠲᠥᠯᠥᠪᠦᠷᠢ ᠦᠭᠡᠢ᠎ᠪᠠᠷ ᠡᠵᠡᠯᠡᠨ ᠬᠡᠷᠡᠭᠯᠡᠬᠦ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠣᠯᠭ᠋ᠠᠨ ᠬᠤᠪᠢᠷᠠᠭᠤᠯᠵᠤ᠂ ᠨᠢᠭᠡ ᠲᠠᠯ᠎ᠠ᠎ᠪᠠᠷ ᠪᠣᠬᠢᠷᠲᠤᠯ᠎ᠲᠠᠢ ᠠᠵᠤ ᠠᠬᠤᠢ᠌ᠯᠠᠯ᠎ᠢ ᠬᠡᠳᠡᠷᠬᠦ ᠰᠢᠬᠠᠮᠳᠠᠭᠤᠯᠵᠤ ᠪᠠᠶ᠋ᠢᠭ᠋ᠠᠳ ᠰᠠᠨᠠᠭ᠋ᠠᠴᠢᠯᠠᠭ᠋ᠠᠲᠤ ᠪᠤᠰᠤ᠎ᠪᠠᠷ ᠪᠣᠬᠢᠷᠲᠤᠯ᠎ᠢ ᠪᠠᠭ᠋ᠠᠰᠬᠠᠵᠤ ᠪᠠᠢ᠌ᠭᠰᠠᠨ᠎ᠠᠴᠠ᠎ᠨᠢ ᠰᠠᠨᠠᠭ᠋ᠠᠴᠢᠯᠠᠭ᠎ᠠ᠎ᠠᠴᠠ᠎ᠪᠠᠨ ᠪᠣᠬᠢᠷᠲᠤᠯ᠎ᠢ ᠪᠠᠭᠤᠷᠠᠭᠤᠯᠬᠤ ᠪᠣᠯᠭ᠋ᠠᠨ ᠬᠤᠪᠢᠷᠠᠭᠤᠯᠵᠤ᠂ ᠨᠥᠭᠥᠭᠡ ᠲᠠᠯ᠎ᠠ᠎ᠪᠠᠷ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠬᠦ᠎ᠳᠤ ᠪᠡᠯᠡ ᠮᠥᠩᠭᠥ ᠵᠢᠨ ᠳᠡᠮᠵᠢᠯᠭᠡ ᠬᠠᠩᠭ᠋ᠠᠬᠤ ᠵᠢ ᠵᠢᠭ᠋ᠠᠵᠤ ᠪᠤᠢ᠃
ᠴᠠᠭ᠎ᠤᠨ ᠬᠦᠷᠳᠦ ᠵᠢ 2010 ᠣᠨ᠎ᠤ 9 ᠰᠠᠷ᠎ᠠ ᠪᠣᠯᠭ᠋ᠠᠨ ᠪᠤᠴᠠᠭ᠋ᠠᠬᠤ᠎ᠳᠤ᠂ ᠲᠤᠬᠠᠢ ᠵᠢᠨ ᠦᠶ᠎ᠡ᠎ᠳᠤ ᠤᠯᠤᠰ᠎ᠠᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ 11 ᠲᠤᠷᠰᠢᠯᠲᠠ ᠵᠢᠨ ᠮᠤᠵᠢ ᠵᠢ ᠰᠣᠩᠭᠣᠨ ᠠᠪᠴᠤ᠂ ᠥᠪᠥᠷ ᠮᠣᠩᠭᠣᠯ ᠡᠭᠦᠨ᠎ᠳᠤ ᠵᠢᠭᠰᠠᠭ᠋ᠠᠭᠳᠠᠵᠠᠢ᠃
2011 ᠣᠨ᠎ᠤ 1 ᠳ᠋ᠦ᠍ᠭᠡᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠬᠦᠬᠦᠷ᠎ᠤᠨ ᠳᠠᠪᠬᠤᠷ ᠢᠰᠦᠯ᠂ ᠠᠽᠣᠲ᠎ᠤᠨ ᠢᠰᠦᠮᠡᠭ᠂ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ ᠵᠡᠷᠭᠡ 4 ᠵᠦᠢ᠍ᠯ᠎ᠤᠨ ᠭᠣᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠭᠦᠢ᠍ᠴᠡᠳᠬᠡᠯ ᠲᠣᠭ᠎ᠠ ᠵᠢ ᠬᠤᠪᠢᠶᠠᠷᠢᠯᠠᠬᠤ ᠠᠷᠭ᠎ᠠ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠬᠡᠷᠡᠭᠯᠡᠬᠦ ᠠᠷᠭ᠎ᠠ ᠮᠠᠶᠢᠭ᠎ᠢ ᠬᠤᠪᠢᠷᠠᠭᠤᠯᠬᠤ᠎ᠪᠠᠷ ᠳᠠᠮᠵᠢᠭᠤᠯᠤᠨ᠂ ᠪᠥᠬᠥ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠵᠠᠬ᠎ᠠ ᠳᠡᠯᠭᠡᠭᠦᠷ᠎ᠢ ᠪᠤᠢ ᠪᠣᠯᠭ᠋ᠠᠬᠤ ᠪᠠ ᠵᠢᠷᠤᠮᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
ᠡᠨᠡ᠎ᠨᠢ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠬᠠᠢ ᠨᠢᠭᠡᠨ ᠤᠳᠠᠭ᠋ᠠᠨ᠎ᠤ ᠥᠭᠡᠷᠡᠴᠢᠯᠡᠯᠲᠡ ᠤᠮᠠᠷᠠᠲᠤ ᠬᠢᠯᠢ ᠵᠢᠨ ᠡᠬᠡ ᠭᠠᠵᠠᠷ᠎ᠲᠤ ᠡᠬᠢᠯᠡᠭᠰᠡᠨ᠎ᠢ ᠬᠠᠷᠠᠭᠤᠯᠵᠤ ᠪᠠᠢ᠌ᠭ᠎ᠠ ᠶᠤᠮ᠃
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠠᠵᠢᠯ᠎ᠢ ᠠᠬᠢᠭᠤᠯᠬᠤ ᠵᠢᠨ ᠲᠥᠯᠥᠭᠡ᠂ 2011 ᠣᠨ᠎ᠠᠴᠠ ᠨᠠᠭ᠋ᠠᠰᠢ᠂ ᠥᠪᠥᠷ ᠮᠣᠩᠭᠣᠯ ᠤᠷᠢᠳ ᠬᠣᠵᠢᠳ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ 7 ᠨᠡᠢ᠌ᠲᠡᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠵᠢ ᠵᠢᠩᠬᠢᠨᠢ᠎ᠪᠠᠷ ᠬᠡᠷᠡᠭᠵᠢᠭᠦᠯᠬᠦ᠎ᠳᠤ ᠵᠢᠯᠤᠭᠣᠳᠬᠤ ᠵᠠᠷᠴᠢᠮ᠂ ᠰᠠᠭᠤᠷᠢ ᠦᠨ᠎ᠡ ᠬᠠᠩᠰᠢ᠂ ᠠᠷᠠᠯᠵᠢᠶᠠᠨ᠎ᠤ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠨᠥᠭᠡᠴᠡᠯᠡᠬᠦ ᠳᠦᠷᠢᠮ᠂ ᠠᠷᠠᠯᠵᠢᠶᠠᠨ᠎ᠤ ᠬᠠᠮᠢᠶᠠᠷᠤᠯᠲᠠ ᠵᠢᠨ ᠳᠦᠷᠢᠮ ᠪᠠ ᠡᠯᠧᠺᠲᠷᠣᠨ ᠦᠨ᠎ᠡ ᠥᠷᠢᠰᠥᠯᠳᠦᠬᠦ ᠳᠦᠷᠢᠮ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠣᠭᠲᠠᠭ᠋ᠠᠵᠠᠢ᠃
2011 ᠣᠨ᠎ᠤ 8 ᠰᠠᠷ᠎ᠠ ᠵᠢᠨ 16᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠥᠪ 4 ᠠᠵᠤ ᠠᠬᠤᠢ᠌ᠯᠠᠯ᠎ᠲᠠᠢ ᠭᠣᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠭᠡᠷ᠎ᠡ ᠲᠣᠭᠲᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠳᠦᠷᠢᠮ᠎ᠢ ᠵᠢᠩᠬᠢᠨᠢ᠎ᠪᠠᠷ ᠡᠬᠢᠯᠡᠨ ᠬᠡᠷᠡᠭᠵᠢᠭᠦᠯᠪᠡ᠃
10 ᠭᠠᠷᠤᠢ ᠵᠢᠯ᠎ᠤᠨ ᠬᠠᠢ᠌ᠨ ᠰᠦᠪᠡᠭᠴᠢᠯᠡᠯᠲᠡ ᠪᠠ ᠬᠥᠭᠵᠢᠯᠲᠡ᠎ᠪᠠᠷ ᠳᠡᠮᠵᠢᠨ᠂ ᠥᠪᠥᠷ ᠮᠣᠩᠭᠣᠯ᠎ᠳᠤ ᠣᠲᠣ ᠨᠢᠭᠡᠨᠲᠡ ᠤᠯᠤᠰ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠵᠢᠨ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠰᠢᠨ᠎ᠡ᠎ᠪᠠᠷ ᠨᠡᠮᠡᠭᠳᠡᠭᠰᠡᠨ 4 ᠵᠦᠢ᠍ᠯ᠎ᠤᠨ ᠭᠣᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠯ ᠲᠣᠭ᠎ᠠ ᠵᠢ ᠲᠥᠯᠥᠪᠦᠷᠢ᠎ᠲᠠᠢ ᠬᠡᠷᠡᠭᠯᠡᠬᠦ ᠵᠢ ᠪᠡᠶᠡᠯᠡᠭᠦᠯᠵᠦ᠂ ᠦᠬᠠᠢ ᠬᠣᠲᠠ ᠪᠠ ᠣᠷᠳᠣᠰ ᠬᠣᠲᠠ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠪᠡ᠃
2023 ᠣᠨ᠎ᠤ 10 ᠰᠠᠷ᠎ᠠ ᠪᠣᠯᠲᠠᠯ᠎ᠠ᠂ ᠪᠥᠬᠥ ᠣᠷᠣᠨ᠎ᠳᠤ ᠨᠠᠢ᠌ᠳᠠ 929 ᠲᠥᠷᠥᠯ ᠵᠦᠢ᠍ᠯ᠎ᠢ ᠵᠣᠬᠢᠶᠠᠨ ᠪᠠᠢ᠌ᠭᠤᠯᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠭᠦᠯᠵᠦ᠂ ᠲᠥᠯᠥᠪᠦᠷᠢ᠎ᠲᠠᠢ᠎ᠪᠠᠷ ᠬᠡᠷᠡᠭᠯᠡᠭᠦᠯᠦᠭᠰᠡᠨ ᠪᠥᠬᠥ ᠵᠣᠭᠣᠰ᠎ᠤᠨ ᠲᠣᠭ᠎ᠠ᠎ᠨᠢ 4.45 ᠳ᠋ᠦᠩᠰᠢᠭᠤᠷ ᠲᠥᠭᠥᠷᠢᠭ᠎ᠲᠤ ᠬᠦᠷᠴᠡᠢ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ᠎ᠬᠢᠨ ᠨᠠᠢ᠌ᠳᠠ 541 ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠭᠦᠯᠬᠦ ᠠᠵᠢᠯ᠎ᠢ ᠥᠷᠨᠢᠭᠦᠯᠵᠦ᠂ ᠲᠥᠯᠥᠪᠦᠷᠢ᠎ᠲᠠᠢ᠎ᠪᠠᠷ ᠬᠡᠷᠡᠭᠯᠡᠬᠦ ᠵᠣᠭᠣᠰ᠎ᠤᠨ ᠲᠣᠭ᠎ᠠ᠎ᠨᠢ 3.74 ᠳ᠋ᠦᠩᠰᠢᠭᠤᠷ ᠲᠥᠭᠥᠷᠢᠭ ᠪᠠᠢ᠌ᠵᠤ᠂ ᠪᠦᠬᠦᠨ᠎ᠢ ᠡᠳ᠋᠎ᠤᠨ ᠵᠠᠰᠠᠭ᠎ᠲᠤ ᠲᠤᠰᠢᠶᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠨᠢᠭᠡᠳᠦᠯᠲᠡᠢ ᠲᠥᠯᠥᠪᠯᠡᠨ ᠬᠡᠷᠡᠭᠯᠡᠪᠡ᠃
ᠣᠢ᠌ᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢ ᠭᠦᠨᠵᠡᠭᠡᠢ᠌ᠷᠡᠭᠦᠯᠬᠦ ᠵᠢ ᠳᠡᠮᠵᠢᠨ᠎ᠡ ᠭᠡᠵᠦ ᠲᠣᠳᠣᠷᠬᠠᠢ ᠵᠢᠭ᠋ᠠᠵᠤ ᠭᠠᠷᠭ᠋ᠠᠪᠠ᠃
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢ ᠭᠦᠨᠵᠡᠭᠡᠢ᠌ᠷᠡᠭᠦᠯᠵᠦ᠂ ᠥᠪᠥᠷ ᠮᠣᠩᠭᠣᠯ ᠦᠷᠭᠦᠯᠵᠢᠯᠡᠨ ᠡᠷᠡᠰ ᠪᠠᠲᠤ ᠠᠯᠬᠤᠪᠠ —
《ᠳᠣᠲᠣᠷ᠎ᠠ᠎ᠪᠠᠨ ᠲᠣᠭ᠎ᠠ᠎ᠲᠠᠢ ᠪᠠᠶ᠋ᠢᠬᠤ》 ᠵᠢ ᠪᠡᠶᠡᠯᠡᠭᠦᠯᠪᠡ᠃ ᠠᠩᠬᠠᠨ᠎ᠤ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠪᠣᠯ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠵᠢ ᠬᠡᠷᠡᠭᠵᠢᠭᠦᠯᠬᠦ ᠵᠢᠨ ᠰᠠᠭᠤᠷᠢ ᠪᠣᠯᠣᠨ᠎ᠠ᠂ ᠮᠠᠨ᠎ᠤ ᠣᠷᠣᠨ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠠᠩᠬᠠᠨ᠎ᠤ ᠪᠣᠬᠢᠷ ᠪᠣᠳᠠᠰ ᠭᠠᠳᠠᠭᠰᠢᠯᠠᠭᠤᠯᠬᠤ ᠡᠷᠬᠡ ᠵᠢ ᠬᠢᠨᠠᠨ ᠲᠣᠭᠲᠠᠭ᠋ᠠᠬᠤ ᠪᠠ ᠬᠠᠮᠢᠶᠠᠷᠬᠤ ᠳᠦᠷᠢᠮ᠎ᠢ ᠲᠣᠭᠲᠠᠭ᠋ᠠᠵᠤ᠂ 4000 ᠭᠠᠷᠤᠢ ᠠᠵᠤ ᠠᠬᠤᠢ᠌ᠯᠠᠯ᠎ᠤᠨ ᠲᠣᠭ᠎ᠠ ᠵᠢ ᠬᠢᠨᠠᠨ ᠲᠣᠭᠲᠠᠭ᠋ᠠᠪᠠ;
ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠬᠦ ᠲᠣᠭ᠎ᠠ ᠵᠢᠨ ᠬᠥᠮᠥᠷᠭᠡ ᠵᠢ ᠪᠠᠢ᠌ᠭᠤᠯᠪᠠ᠃ ᠬᠣᠴᠣᠷᠤᠩᠭᠤᠶ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ᠎ᠲᠠᠢ ᠳᠦᠷᠦᠯ ᠵᠦᠢ᠍ᠯ ᠵᠡᠷᠭᠡ ᠵᠠᠬ᠎ᠠ ᠳᠡᠯᠭᠡᠭᠦᠷ ᠳᠡᠭᠡᠷ᠎ᠡ ᠪᠤᠢ ᠪᠣᠯᠤᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠦᠯᠡᠭᠦᠦ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠯ ᠲᠣᠭ᠎ᠠ ᠵᠢ ᠴᠠᠭ ᠲᠤᠬᠠᠢᠳᠤᠨᠢ ᠡᠭᠡᠭᠦᠯᠦᠨ ᠬᠤᠳᠠᠯᠳᠤᠨ ᠠᠪᠬᠤ ᠪᠠ ᠨᠥᠭᠡᠴᠡᠯᠡᠬᠦ ᠵᠢ ᠬᠡᠷᠡᠭᠵᠢᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠯ ᠲᠣᠭ᠎ᠠ ᠵᠢ ᠬᠥᠳᠡᠯᠦᠩᠭᠦᠢ᠎ᠪᠠᠷ ᠰᠢᠯᠢᠳᠡᠭᠵᠢᠭᠦᠯᠦᠨ ᠲᠣᠬᠢᠷᠠᠭᠤᠯᠬᠤ ᠵᠢ ᠪᠡᠶᠡᠯᠡᠭᠦᠯᠪᠡ;
ᠤᠯᠤᠰ᠎ᠤᠨ ᠲᠥᠷᠥ ᠵᠢᠨ ᠪᠣᠳᠣᠯᠭ᠎ᠠ ᠵᠢ ᠲᠡᠮᠡᠴᠡᠨ ᠣᠯᠪᠠ᠃ ᠲᠤᠰᠬᠠᠢ ᠣᠷᠣᠨ ᠬᠣᠲᠠ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠶᠡᠷᠦᠩᠬᠡᠢ ᠬᠡᠮᠵᠢᠶ᠎ᠡ ᠵᠢᠨ ᠭᠦᠢ᠍ᠴᠡᠳᠬᠡᠯ ᠲᠣᠭ᠎ᠠ ᠬᠦᠷᠦᠯᠴᠡᠬᠦ ᠦᠭᠡᠢ ᠦᠶ᠎ᠡ᠎ᠳᠤ᠂ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠣᠯᠵᠤ᠂ ᠮᠠᠨ᠎ᠤ ᠣᠷᠣᠨ᠎ᠤ ᠲᠠᠷᠠᠭ᠋ᠠᠴᠢ ᠵᠢᠨ ᠠᠯᠬᠤᠮ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠰᠠᠭᠤᠷᠢ ᠲᠠᠯᠪᠢᠵᠤ ᠥᠭᠪᠡ᠃
2022 ᠣᠨ᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ ᠪᠣᠯᠤᠭᠰᠠᠨ ᠦᠬᠠᠢ ᠬᠤᠳᠠ᠎ᠳᠤ᠂ ᠭᠣᠣᠯ ᠬᠤᠳᠠ ᠵᠢᠨ ᠲᠣᠭᠣᠷᠢᠭ᠎ᠤᠨ ᠠᠭ᠋ᠠᠷ᠎ᠤᠨ ᠴᠢᠨᠠᠷ ᠰᠠᠢ᠍ᠢ᠍ᠨ ᠡᠳᠦᠷ᠎ᠤᠨ ᠲᠣᠭ᠎ᠠ 305 ᠡᠳᠦᠷ᠂ ᠰᠢᠯᠢᠳᠡᠭ ᠰᠠᠢ᠍ᠢ᠍ᠨ ᠨᠤᠷᠮ᠎ᠠ 83.6%᠎ᠲᠤ ᠬᠦᠷᠴᠦ᠂ ᠲᠡᠮᠳᠡᠭᠯᠡᠯ᠎ᠲᠠᠢ ᠪᠣᠯᠤᠭᠰᠠᠨ᠎ᠠᠴᠠ ᠨᠠᠰᠢᠬᠢ ᠬᠠᠮᠤᠭ᠎ᠤᠨ ᠰᠠᠢ᠍ᠢ᠍ᠨ ᠲᠦᠪᠰᠢᠨ᠎ᠳᠤ ᠬᠦᠷᠴᠡᠢ᠃ ᠪᠠᠶᠠᠷᠯᠠᠭᠤᠰᠢᠲᠠᠢ ᠠᠮᠵᠢᠯᠲᠠ ᠪᠦᠲᠦᠮᠵᠢ ᠵᠢᠨ ᠠᠷᠤ᠎ᠳᠤ ᠦᠬᠠᠢ ᠵᠢᠨ ᠬᠥᠭᠵᠢᠯᠲᠡ ᠵᠢᠨ ᠵᠠᠭᠪᠤᠷ᠎ᠤᠨ ᠬᠤᠪᠢᠷᠠᠯᠲᠠ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠶᠠᠪᠤᠳᠠᠯ᠎ᠤᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠲᠠᠯ᠎ᠠ᠎ᠪᠠᠷ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠬᠠᠷᠢᠭᠤᠴᠠᠯᠭ᠋ᠠᠲᠠᠨ ᠾᠧ ᠰᠢᠶᠣᠣ ᠫᠢᠩ ᠰᠤᠷᠪᠤᠯᠵᠢᠯᠠᠭᠴᠢ᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠡᠨᠡ ᠬᠦ᠌ ᠬᠡᠳᠡᠷᠬᠦ ᠰᠢᠬᠠᠮᠳᠠᠭᠤᠯᠬᠤ ᠲᠣᠭᠲᠠᠴᠠ᠎ᠨᠢ ᠰᠢᠨ᠎ᠡ᠎ᠪᠠᠷ ᠪᠠᠢ᠌ᠭᠤᠯᠬᠤ ᠠᠵᠤ ᠠᠬᠤᠢ᠌ᠯᠠᠯ᠎ᠤᠨ ᠣᠷᠣᠬᠤ ᠵᠥᠪᠰᠢᠶᠡᠷᠡᠯ᠎ᠤᠨ ᠪᠠᠷᠢᠮᠵᠢᠶ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠤᠰᠤᠳᠴᠢ ᠲᠠᠯ᠎ᠠ᠎ᠪᠠᠷ 《ᠡᠨᠧᠷᠭᠢ ᠵᠢᠨ ᠬᠣᠷᠣᠭᠳᠠᠭᠤᠯᠤᠯ ᠶᠡᠬᠡᠲᠡᠢ》 ᠪᠠ ᠦᠢ᠍ᠯᠡᠳᠪᠦᠷᠢᠯᠡᠬᠦ ᠴᠢᠳᠠᠪᠤᠷᠢ᠎ᠨᠢ ᠦᠯᠡᠭᠦᠳᠡᠭᠰᠡᠨ ᠠᠵᠢᠯ ᠲᠥᠷᠥᠯ᠎ᠤᠨ ᠰᠢᠨ᠎ᠡ᠎ᠪᠠᠷ ᠪᠠᠢ᠌ᠭᠤᠯᠬᠤ ᠳᠦᠷᠦᠯ ᠵᠦᠢ᠍ᠯ᠎ᠢ ᠬᠢᠵᠠᠭ᠋ᠠᠷᠯᠠᠵᠠᠢ ᠭᠡᠪᠡ᠃ ᠡᠭᠦᠨ᠎ᠤ ᠬᠠᠮᠲᠤ ᠪᠠᠰᠠ ᠠᠵᠤ ᠠᠬᠤᠢ᠌ᠯᠠᠯ᠎ᠢ ᠣᠷᠴᠢᠨ ᠲᠣᠭᠣᠷᠢᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠡᠭᠦᠳᠡᠨ᠎ᠠᠴᠠ ᠪᠣᠳᠣᠯᠬᠢᠯᠠᠵᠤ᠂ ᠮᠡᠷᠭᠡᠵᠢᠯ ᠵᠶ᠋ᠡᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠪᠦᠲᠦᠴᠡ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠬᠠᠮᠢᠶᠠᠷᠤᠯᠲᠠ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢᠨ ᠬᠠᠮᠲᠤ ᠠᠵᠤ ᠠᠬᠤᠢ᠌ᠯᠠᠯ᠎ᠳᠤ ᠪᠣᠬᠢᠷᠲᠤᠯ᠎ᠢ ᠵᠠᠰᠠᠬᠤ 《ᠠᠰᠢᠭᠲᠠᠢ》 ᠭᠡᠳᠡᠭ᠎ᠢ ᠲᠠᠨᠢᠭᠤᠯᠵᠤ᠂ ᠠᠵᠤ ᠠᠬᠤᠢ᠌ᠯᠠᠯ᠎ᠤᠨ ᠪᠣᠬᠢᠷᠲᠤᠯ᠎ᠢ ᠵᠠᠰᠠᠬᠤ ᠢᠳᠡᠪᠬᠢᠵᠢᠯ᠎ᠢ ᠳᠡᠭᠡᠭᠰᠢᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠪᠠᠭ᠋ᠠᠰᠬᠠᠬᠤ ᠵᠢ ᠠᠬᠢᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠤ ᠨᠡᠩ ᠶᠡᠬᠡ ᠣᠷᠴᠢᠨ ᠠᠬᠤᠢ ᠵᠢᠨ ᠪᠠᠭᠲᠠᠭ᠋ᠠᠮᠵᠢ ᠵᠢ ᠭᠠᠷᠭ᠋ᠠᠵᠤ ᠥᠭᠴᠡᠢ᠃
《ᠰᠠᠨᠠᠯ》᠎ᠢ ᠠᠬᠢᠭᠤᠯᠤᠭᠰᠠᠨ ᠵᠶ᠋ᠠᠷ᠂ ᠮᠠᠨ᠎ᠤ ᠣᠷᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠳᠦᠷᠢᠮ᠎ᠤᠨ ᠪᠠᠢ᠌ᠭᠤᠯᠤᠯᠲᠠ ᠵᠢ ᠨᠠᠩ ᠭᠦᠨ ᠲᠠᠰ ᠳᠠᠪᠬᠤᠷᠭ᠎ᠠ ᠳᠠᠰᠢ ᠬᠥᠭᠵᠢᠭᠦᠯᠪᠡ᠃ ᠾᠧ ᠰᠢᠶᠣᠣ ᠫᠢᠩ ᠬᠡᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠦᠷᠢᠮ》᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢ ᠦᠷᠭᠦᠯᠵᠢᠯᠡᠨ ᠲᠠᠭ᠋ᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠮᠡᠷᠭᠡᠵᠢᠯ᠂ ᠬᠢᠨᠠᠨ ᠲᠣᠭᠲᠠᠭ᠋ᠠᠬᠤ ᠮᠡᠷᠭᠡᠵᠢᠯ᠂ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ᠂ ᠣᠷᠴᠢᠨ ᠲᠣᠭᠣᠷᠢᠨ᠎ᠤ ᠪᠠᠭᠲᠠᠭ᠋ᠠᠮᠵᠢ ᠵᠢᠨ ᠡᠬᠢ ᠪᠠᠶᠠᠯᠢᠭ᠎ᠤᠨ ᠦᠨ᠎ᠡ ᠥᠷᠲᠡᠭ᠎ᠢ ᠦᠨᠡᠯᠡᠨ ᠵᠢᠱ᠌ᠢᠬᠦ ᠰᠢᠰᠲ᠋ᠧᠮ᠂ ᠮᠥᠩᠭᠥᠨ ᠭᠦᠢ᠍ᠯᠭᠡᠭᠡᠨ᠎ᠤ ᠰᠢᠨ᠎ᠡ ᠵᠢ ᠡᠭᠦᠳᠬᠦ ᠲᠣᠭᠲᠠᠴᠠ ᠵᠡᠷᠭᠡ ᠤᠨᠤᠯ ᠪᠠ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ᠎ᠤᠨ ᠰᠢᠰᠲ᠋ᠧᠮ᠎ᠢ ᠰᠤᠳᠤᠯᠤᠨ ᠰᠦᠪᠡᠭᠴᠢᠯᠡᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠣᠷᠣᠨ ᠪᠦᠰᠡ ᠵᠢᠨ ᠴᠢᠨᠠᠷᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ᠎ᠢ ᠰᠦᠪᠡᠭᠴᠢᠯᠡᠨ ᠥᠷᠨᠢᠭᠦᠯᠵᠦ᠂ ᠲᠠᠩ ᠭᠠᠭᠴᠠ ᠵᠠᠰᠠᠭ᠎ᠤᠨ ᠣᠷᠳᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠰᠢᠯᠵᠢᠭᠦᠯᠦᠨ ᠬᠤᠳᠠᠯᠳᠤᠬᠤ᠎ᠠᠴᠠ ᠵᠠᠰᠠᠭ᠎ᠤᠨ ᠣᠷᠳᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠰᠢᠯᠵᠢᠭᠦᠯᠦᠨ ᠬᠤᠳᠠᠯᠳᠤᠬᠤ᠎ᠪᠠᠷ ᠭᠣᠣᠯ ᠪᠣᠯᠭ᠋ᠠᠭᠰᠠᠨ᠂ ᠠᠵᠤ ᠠᠬᠤᠢ᠌ᠯᠠᠯ ᠬᠢᠭᠡᠳ ᠠᠵᠤ ᠠᠬᠤᠢ᠌ᠯᠠᠯ᠎ᠤᠨ ᠬᠣᠭᠤᠷᠤᠨᠳᠤᠬᠢ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠵᠢᠨ ᠦᠯᠡᠭᠦᠦ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ᠎ᠪᠠᠷ ᠬᠠᠪᠰᠤᠷᠤᠮᠵᠢ ᠪᠣᠯᠭ᠋ᠠᠭᠰᠠᠨ ᠵᠠᠭᠪᠤᠷ ᠳᠠᠰᠢ ᠰᠢᠯᠵᠢᠵᠦ᠂ ᠠᠵᠤ ᠠᠬᠤᠢ᠌ᠯᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠢᠳᠡᠪᠬᠢᠵᠢᠯ᠎ᠢ ᠤᠯᠠᠮ ᠨᠢᠭᠡ ᠠᠯᠬᠤᠮ ᠨᠡᠮᠡᠭᠳᠡᠭᠦᠯᠦᠨ᠂ ᠠᠵᠤ ᠠᠬᠤᠢ᠌ᠯᠠᠯ᠎ᠤᠨ ᠰᠠᠨᠠᠭ᠋ᠠᠴᠢᠯᠠᠭ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠎ᠳᠤ ᠨᠠᠩ ᠴᠢᠩᠭ᠎ᠠ ᠢᠲᠡᠭᠡᠯ ᠣᠯᠭᠣᠵᠤ᠂ ᠮᠠᠨ᠎ᠤ ᠣᠷᠣᠨ᠎ᠤ ᠬᠥᠭᠵᠢᠯᠲᠡ᠎ᠳᠤ ᠨᠠᠩ ᠤᠯᠠᠨ ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠪᠡ᠃