ᠶᠢᠰᠦᠳᠦᠭᠡᠷ ᠤᠳᠠᠭ᠎ᠠ ᠵᠢᠨ ᠳᠤᠮᠳᠠᠳᠤ ᠶᠠᠫᠤᠨ ᠺᠣᠷᠢᠶᠠ ᠵᠢᠨ ᠤᠳᠤᠷᠢᠳᠬᠤ ᠬᠥᠮᠥᠰ᠎ᠤᠨ ᠴᠢᠬᠤᠯᠠ ᠬᠠᠮᠲᠤ ᠵᠢᠨ ᠲᠠᠨᠢᠯᠲᠠ ᠵᠢ ᠨᠠᠢ᠌ᠳᠠᠪᠤᠷᠢᠵᠢᠭᠤᠯᠵᠤ᠂ ᠳᠤᠮᠳᠠᠳᠤ ᠶᠠᠫᠤᠨ ᠺᠣᠷᠢᠶᠠ ᠭᠤᠷᠪᠠᠨ ᠤᠯᠤᠰ᠎ᠤᠨ ᠡᠯᠡᠰᠦᠨ ᠰᠢᠭᠤᠷᠭ᠎ᠠ ᠵᠢᠨ ᠬᠠᠮᠲᠤᠷᠠᠭᠰᠠᠨ ᠰᠤᠳᠤᠯᠭ᠋ᠠᠨ᠎ᠤ ᠬᠠᠮᠲᠤᠷᠠᠯᠴᠠᠭ᠋ᠠᠨ᠎ᠤ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 10 ᠰᠠᠷ᠎ᠠ ᠵᠢᠨ 17 — 18᠎ᠤ ᠡᠳᠦᠷ ᠪᠣᠯᠲᠠᠯ᠎ᠠ᠂ 《ᠵᠡᠭᠦᠨ ᠬᠣᠢ᠌ᠲᠤ ᠠᠽᠢᠶ᠎ᠠ ᠵᠢᠨ ᠡᠯᠡᠰᠦᠨ ᠰᠢᠭᠤᠷᠭ᠎ᠠ ᠵᠢ ᠵᠠᠰᠠᠬᠤ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠮᠡᠷᠭᠡᠵᠢᠯ᠎ᠤᠨ ᠰᠣᠯᠢᠯᠴᠠᠭ᠋ᠠᠨ᠎ᠤ ᠬᠤᠷᠠᠯ》᠎ᠢ ᠥᠪᠥᠷ ᠮᠣᠩᠭᠣᠯ᠎ᠤᠨ ᠬᠥᠬᠡᠬᠣᠲᠠ᠎ᠳᠤ ᠠᠮᠵᠢᠯᠲᠠ᠎ᠲᠠᠢ ᠡᠷᠭᠢᠯᠡᠪᠡ᠃ ᠬᠤᠷᠠᠯ᠎ᠢ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠰᠤᠳᠤᠯᠭ᠋ᠠᠨ᠎ᠤ ᠭᠠᠵᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠡᠷᠳᠡᠮ ᠰᠢᠨᠵᠢᠯᠡᠭᠡᠨ᠎ᠤ ᠬᠦᠷᠢᠶᠡᠯᠡᠩ᠎ᠠᠴᠠ ᠳᠠᠭ᠋ᠠᠭ᠋ᠠᠨ ᠡᠷᠬᠢᠯᠡᠪᠡ᠃
ᠡᠬᠢᠯᠡᠯᠲᠡ ᠵᠢᠨ ᠶᠣᠰᠣᠯᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ᠎ᠤ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠰᠢᠦᠢ ᠬᠤᠢ ᠳ᠋ᠦᠩ᠂ ᠳᠤᠮᠳᠠᠳᠤ ᠤᠯᠤᠰ᠎ᠲᠤ ᠰᠠᠭᠤᠭ᠎ᠠ ᠺᠣᠷᠢᠶᠠ ᠵᠢᠨ ᠡᠯᠴᠢᠨ ᠰᠠᠢ᠌ᠳ᠎ᠤᠨ ᠶᠠᠮᠤᠨ᠎ᠤ ᠠᠯᠪᠠᠨ ᠡᠯᠴᠢᠨ᠎ᠤ ᠲᠤᠰᠢᠶᠠᠯᠲᠤ ᠵᠥᠪᠯᠡᠭᠴᠢ ᠵᠤᠤ ᠧᠨ ᠰᠢ᠂ ᠳᠤᠮᠳᠠᠳᠤ ᠤᠯᠤᠰ᠎ᠲᠤ ᠰᠠᠭᠤᠭ᠎ᠠ ᠶᠠᠫᠤᠨ᠎ᠤ ᠡᠯᠴᠢᠨ ᠰᠠᠢ᠌ᠳ᠎ᠤᠨ ᠶᠠᠮᠤᠨ᠎ᠤ ᠨᠢᠭᠡᠳᠦᠭᠡᠷ ᠳᠡᠰ᠎ᠤᠨ ᠪᠢᠴᠢᠭᠡᠴᠢ ᠰᠠᠢ᠌ᠳ ᠮᠤᠷᠢᠲ᠋ᠠ ᠰᠠᠶᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ᠎ᠳᠤ ᠲᠤᠰ ᠲᠤᠰ ᠬᠤᠷᠠᠯ ᠡᠬᠢᠯᠡᠬᠦ ᠦᠭᠡ ᠬᠡᠯᠡᠪᠡ᠃ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠴᠢᠤᠸᠠᠨ ᠵᠠᠨ ᠵᠢᠶᠦ᠋ᠨ ᠬᠤᠷᠠᠯ ᠡᠷᠭᠢᠯᠡᠪᠡ᠃
ᠬᠤᠷᠠᠯ᠎ᠨᠢ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠮᠢ ᠠᠬᠤᠢ ᠵᠢᠨ ᠰᠢᠰᠲ᠋ᠧᠮ᠎ᠤᠨ ᠰᠡᠷᠭᠦᠯᠲᠡ ᠵᠢᠨ ᠠᠷᠪᠠᠨ ᠵᠢᠯ ᠪᠠ ᠡᠯᠡᠰᠦᠨ ᠰᠢᠭᠤᠷᠭ᠎ᠠ ᠵᠢ ᠰᠡᠷᠭᠡᠢ᠌ᠯᠡᠨ ᠵᠠᠰᠠᠬᠤ》᠂ 《ᠳᠤᠮᠳᠠᠳᠤ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢᠴᠢ ᠠᠭᠤᠷ ᠠᠮᠢᠰᠬᠤᠯ᠎ᠤᠨ ᠬᠤᠪᠢᠷᠠᠯᠲᠠ ᠵᠢᠨ ᠳᠣᠣᠷᠠᠬᠢ ᠡᠯᠡᠰᠦᠨ ᠰᠢᠭᠤᠷᠭ᠎ᠠ ᠵᠢ ᠵᠠᠰᠠᠬᠤ》᠂ 《ᠵᠡᠭᠦᠨ ᠠᠽᠢᠶ᠎ᠠ ᠵᠢᠨ ᠣᠷᠣᠨ ᠪᠦᠰᠡ ᠵᠢᠨ ᠠᠭᠤᠷ ᠠᠮᠢᠰᠬᠤᠯ ᠥᠷᠢᠰᠥᠯᠳᠦᠭᠡᠨ᠎ᠳᠤ ᠵᠣᠬᠢᠴᠠᠬᠤ ᠪᠠ ᠬᠠᠮᠲᠤᠷᠠᠯᠴᠠᠭ᠋ᠠᠨ᠎ᠤ ᠪᠠᠷᠠᠯᠠᠯ》᠂ 《ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠠᠵᠠ ᠲᠣᠬᠢᠶᠠᠯ ᠪᠠ ᠥᠷᠢᠰᠥᠯᠳᠦᠭᠡᠨ》 ᠵᠡᠷᠭᠡ ᠤᠯᠠᠨ ᠬᠠᠷᠠᠭ᠋ᠠᠰᠤ᠎ᠠᠴᠠ ᠭᠠᠷᠳᠠᠵᠤ᠂ ᠡᠯᠡᠰᠦᠨ ᠰᠢᠭᠤᠷᠭ᠎ᠠ ᠵᠢ ᠰᠡᠷᠭᠡᠢ᠌ᠯᠡᠨ ᠵᠠᠰᠠᠬᠤ ᠦᠢ᠍ᠯᠡᠳᠦᠯᠭᠡ ᠪᠠ ᠠᠷᠭ᠎ᠠ ᠵᠢ ᠰᠢᠰᠲ᠋ᠧᠮ᠎ᠲᠠᠢ ᠡᠮᠬᠢᠯᠡᠨ ᠰᠦᠪᠡᠭᠴᠢᠯᠡᠬᠦ ᠵᠢᠨ ᠬᠠᠮᠲᠤ᠂ 《ᠣᠷᠣᠨ ᠪᠦᠰᠡ ᠵᠢᠨ ᠡᠯᠡᠰᠦᠨ ᠰᠢᠭᠤᠷᠭ᠎ᠠ ᠵᠢ ᠳᠠᠮᠵᠢᠭᠤᠯᠬᠤ ᠣᠨᠴᠠᠯᠢᠭ ᠪᠠ ᠠᠭᠤᠷ ᠠᠮᠢᠰᠬᠤᠯ᠎ᠤᠨ ᠬᠤᠪᠢᠷᠠᠯᠲᠠ ᠵᠢᠨ ᠨᠥᠯᠥᠭᠡ》᠂ 《ᠭᠠᠩ ᠬᠠᠭᠤᠷᠠᠢ ᠬᠠᠭ᠋ᠠᠰ ᠭᠠᠩ ᠬᠠᠭᠤᠷᠠᠢ ᠣᠷᠣᠨ᠎ᠤ ᠠᠮᠢ ᠠᠬᠤᠢ ᠵᠢ ᠰᠡᠷᠭᠦᠭᠡᠬᠦ ᠮᠡᠷᠭᠡᠵᠢᠯ ᠪᠠ ᠦᠷᠭᠦᠯᠵᠢᠯᠡᠬᠦ ᠬᠠᠮᠢᠶᠠᠷᠤᠯᠲᠠ》᠂ 《ᠣᠷᠣᠨ ᠪᠦᠰᠡ ᠵᠢᠨ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠪᠠ ᠴᠢᠨᠠᠷ ᠰᠠᠢ᠌ᠲᠠᠢ ᠬᠥᠭᠵᠢᠭᠦᠯᠬᠦ》 ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠲᠤᠰᠬᠠᠢ ᠰᠡᠳᠦᠪᠲᠦ ᠮᠡᠷᠭᠡᠵᠢᠯ᠎ᠤᠨ ᠰᠤᠳᠤᠯᠤᠨ ᠶᠠᠷᠢᠯᠴᠠᠭ᠎ᠠ ᠬᠢᠵᠡᠢ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠳᠡᠳ᠋ ᠳᠠᠷᠤᠭ᠎ᠠ ᠹᠠᠨ ᠴᠢᠩ ᠶᠦᠨ ᠪᠣᠯᠣᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠪᠦᠷᠢᠨᠲᠤᠶᠠᠭ᠎ᠠ ᠤᠷᠢᠯᠭ᠎ᠠ᠎ᠪᠠᠷ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠡᠯᠡᠰᠦ ᠲᠣᠭᠣᠰᠣ ᠵᠢ ᠬᠢᠨᠠᠨ ᠬᠡᠮᠵᠢᠬᠦ ᠰᠦᠯᠵᠢᠶ᠎ᠡ ᠵᠢᠨ ᠪᠦᠲᠦᠭᠡᠨ ᠪᠠᠢ᠌ᠭᠤᠯᠤᠯᠲᠠ ᠬᠢᠭᠡᠳ ᠡᠯᠡᠰᠦᠨ ᠲᠣᠭᠣᠰᠣᠲᠤ ᠴᠠᠭ ᠠᠭᠤᠷ᠎ᠤᠨ ᠡᠭᠦᠰᠦᠭᠰᠡᠨ ᠰᠢᠯᠲᠠᠭ᠋ᠠᠨ᠎ᠤ ᠵᠠᠳᠠᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠠᠵᠢᠯ᠎ᠤᠨ ᠠᠬᠢᠴᠠ ᠵᠢᠨ ᠪᠠᠶ᠋ᠢᠳᠠᠯ᠎ᠢ ᠲᠣᠰ ᠲᠣᠰ ᠲᠠᠨᠢᠯᠴᠠᠭᠤᠯᠪᠠ᠃
ᠬᠤᠷᠠᠯ᠎ᠠᠴᠠ ᠪᠠᠰᠠ ᠲᠤᠬᠠᠢ ᠵᠢᠨ ᠲᠠᠯᠠᠪᠠᠢ ᠵᠢᠨ ᠦᠵᠡᠭᠦᠯᠭᠡ ᠵᠢ ᠲᠣᠬᠢᠷᠠᠭᠤᠯᠵᠤ᠂ ᠲᠤᠰ ᠲᠤᠰ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠠᠮᠢ ᠠᠬᠤᠢ ᠵᠢᠨ ᠬᠣᠩᠭᠢᠯ ᠪᠣᠯᠣᠨ ᠠᠭ᠋ᠠᠷ ᠮᠠᠨᠳᠠᠯ᠎ᠤᠨ ᠳᠡᠰ᠎ᠠᠴᠠ ᠳᠠᠪᠠᠭᠰᠠᠨ ᠥᠷᠲᠡᠭᠡ ᠵᠢᠴᠢ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠠᠮᠢ ᠠᠬᠤᠢ ᠵᠢ ᠰᠡᠷᠭᠦᠭᠡᠬᠦ ᠮᠡᠷᠭᠡᠵᠢᠯ᠎ᠤᠨ ᠲᠤᠷᠰᠢᠯᠲᠠ ᠵᠢᠨ ᠰᠠᠭᠤᠷᠢᠨ᠎ᠳᠤ ᠬᠦᠷᠴᠦ ᠲᠤᠬᠠᠢ ᠵᠢᠨ ᠲᠠᠯᠠᠪᠠᠢ ᠵᠢᠨ ᠰᠣᠯᠢᠯᠴᠠᠭ᠎ᠠ ᠥᠷᠨᠢᠭᠦᠯᠵᠡᠢ᠃
ᠬᠤᠷᠠᠯ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ ᠵᠡᠭᠦᠨ ᠬᠣᠢ᠌ᠲᠤ ᠠᠽᠢᠶ᠎ᠠ ᠵᠢᠨ ᠡᠯᠡᠰᠦᠨ ᠰᠢᠭᠤᠷᠭ᠎ᠠ ᠵᠢᠨ 3+X ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠲᠠᠪᠴᠠᠩ (ᠳᠣᠷᠣᠭᠰᠢ ᠡᠯᠡᠰᠦᠨ ᠰᠢᠭᠤᠷᠭ᠎ᠠ ᠵᠢᠨ 3+X ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠲᠠᠪᠴᠠᠩ ᠭᠡᠵᠦ ᠳᠥᠭᠥᠮᠴᠢᠯᠡᠨ᠎ᠡ)᠎ᠢ 2023 ᠣᠨ᠎ᠳᠤ ᠳᠤᠮᠳᠠᠳᠤ᠂ ᠶᠠᠫᠤᠨ᠂ ᠺᠣᠷᠢᠶᠠ᠂ ᠮᠣᠩᠭᠣᠯ᠎ᠤᠨ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ ᠪᠠᠢ᠌ᠭᠤᠯᠤᠭᠰᠠᠨ᠎ᠠᠴᠠ ᠨᠠᠭ᠋ᠠᠰᠢ᠂ ᠳᠤᠮᠳᠠᠳᠤ ᠶᠠᠫᠤᠨ ᠺᠣᠷᠢᠶᠠ ᠮᠣᠩᠭᠣᠯ᠎ᠤᠨ ᠡᠯᠡᠰᠦᠨ ᠰᠢᠭᠤᠷᠭ᠎ᠠ ᠵᠢ ᠵᠠᠰᠠᠬᠤ ᠬᠦᠷᠢᠶᠡᠨ᠎ᠳᠠᠬᠢ ᠮᠡᠷᠭᠡᠵᠢᠯ᠎ᠤᠨ ᠰᠣᠯᠢᠯᠴᠠᠭ᠎ᠠ᠂ ᠴᠢᠳᠠᠪᠤᠷᠢᠲᠠᠨ᠎ᠢ ᠬᠥᠮᠥᠵᠢᠭᠦᠯᠬᠦ ᠪᠠ ᠲᠤᠷᠰᠢᠯᠭ᠎ᠠ᠎ᠪᠠᠨ ᠬᠤᠪᠢᠶᠠᠯᠴᠠᠨ ᠡᠳ᠋ᠯᠡᠬᠦ᠂ ᠨᠡᠩ ᠤᠯᠠᠨ ᠠᠰᠢᠭ ᠲᠤᠰᠠ ᠵᠢᠨ ᠲᠠᠯ᠎ᠠ ᠵᠢᠨ᠎ᠬᠢᠨ᠎ᠢ ᠲᠠᠲᠠᠵᠤ ᠬᠠᠮᠢᠶ᠎ᠠ ᠪᠦᠬᠦᠢ ᠲᠠᠯ᠎ᠠ ᠵᠢᠨ᠎ᠬᠢᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠡᠷᠭᠡ ᠲᠠᠯ᠎ᠠ᠎ᠪᠠᠷ ᠦᠵᠡᠭᠦᠯᠦᠭᠰᠡᠨ ᠢᠳᠡᠪᠬᠢᠲᠡᠢ ᠦᠢ᠍ᠯᠡᠳᠦᠯ᠎ᠢ ᠦᠨᠡᠯᠡᠨ ᠨᠤᠲᠠᠯᠠᠵᠤ᠂ ᠢᠷᠡᠭᠡᠳᠦᠢ᠎ᠳᠤ ᠦᠷᠭᠦᠯᠵᠢᠯᠡᠨ ᠡᠯᠡᠰᠦᠨ ᠰᠢᠭᠤᠷᠭ᠎ᠠ ᠵᠢᠨ 3+X ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠲᠠᠪᠴᠠᠩ᠎ᠳᠤ ᠲᠦᠰᠢᠭᠯᠡᠵᠦ᠂ ᠤᠷᠳᠤ ᠬᠤᠭᠤᠴᠠᠭ᠋ᠠᠨ᠎ᠤ ᠪᠥᠭᠡᠳ ᠨᠡᠩ ᠨᠢᠭᠲᠠ ᠬᠠᠮᠲᠤᠷᠠᠯᠴᠠᠭ᠎ᠠ ᠥᠷᠨᠢᠭᠦᠯᠬᠦ ᠬᠦᠰᠡᠯ ᠰᠠᠨᠠᠭ᠎ᠠ᠎ᠪᠠᠨ ᠢᠯᠡᠳᠬᠡᠭᠰᠡᠨ ᠪᠥᠭᠡᠳ 《ᠵᠡᠭᠦᠨ ᠬᠣᠢ᠌ᠲᠤ ᠠᠽᠢᠶ᠎ᠠ ᠵᠢᠨ ᠡᠯᠡᠰᠦᠨ ᠰᠢᠭᠤᠷᠭ᠎ᠠ ᠵᠢ ᠵᠠᠰᠠᠬᠤ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ》 ᠰᠠᠨᠠᠭ᠋ᠠᠴᠢᠯᠠᠭ᠎ᠠ ᠵᠢ ᠰᠠᠨᠠᠯ ᠨᠢᠭᠡᠲᠡᠢ ᠪᠠᠲᠤᠯᠠᠪᠠ᠃
ᠳᠤᠮᠳᠠᠳᠤ ᠤᠯᠤᠰ᠂ ᠶᠠᠫᠤᠨ᠂ ᠺᠣᠷᠢᠶᠠ᠂ ᠮᠣᠩᠭᠣᠯ ᠤᠯᠤᠰ᠎ᠠᠴᠠ ᠢᠷᠡᠭᠰᠡᠨ ᠵᠠᠰᠠᠭ᠎ᠤᠨ ᠣᠷᠳᠣᠨ᠎ᠤ ᠲᠥᠯᠥᠭᠡᠯᠡᠭᠴᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠲᠤᠰᠬᠠᠢ ᠮᠡᠷᠭᠡᠵᠢᠯᠲᠡᠨ᠂ ᠶᠡᠬᠡ ᠳᠡᠭᠡᠳᠦ ᠰᠤᠷᠭ᠋ᠠᠭᠤᠯᠢ ᠵᠢᠨ ᠡᠷᠳᠡᠮᠲᠡᠨ ᠵᠢᠴᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠵᠠᠬᠢᠷᠭ᠎ᠠ ᠵᠡᠷᠭᠡ 100 ᠭᠠᠷᠤᠢ ᠲᠥᠯᠥᠭᠡᠯᠡᠭᠴᠢ ᠲᠤᠬᠠᠢ ᠵᠢᠨ ᠲᠠᠯᠠᠪᠠᠢ᠎ᠳᠤ ᠬᠤᠷᠠᠯ᠎ᠳᠤ ᠣᠷᠣᠯᠴᠠᠪᠠ᠃