ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠤᠯᠠᠭ᠋ᠠᠨᠴᠠᠪ ᠬᠣᠲᠠ᠎ᠳᠤ ᠬᠦᠷᠴᠦ ᠶᠡᠷᠦᠩᠬᠡᠢ ᠬᠡᠮᠵᠢᠶ᠎ᠡ ᠵᠢ ᠪᠠᠭ᠋ᠠᠰᠬᠠᠵᠤ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-12-05

      《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠪᠦᠬᠦ ᠲᠠᠯ᠎ᠠ ᠎ᠪᠠᠷ ᠬᠡᠷᠡᠭᠵᠢᠭᠦᠯᠬᠦ ᠲᠥᠰᠥᠯ》᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠭᠣᠣᠯ ᠪᠣᠯᠬᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠬᠤ ᠵᠢᠨ ᠲᠥᠯᠥᠭᠡ᠂ 11 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠳᠡᠳ᠋ ᠡᠷᠬᠢᠯᠡᠭᠴᠢ ᠡᠸ᠋ ᠸᠸᠨ ᠬᠤᠸᠠ ᠪᠦᠯᠬᠦᠮ ᠳᠠᠭ᠋ᠠᠭᠤᠯᠤᠨ ᠤᠯᠠᠭ᠋ᠠᠨᠴᠠᠪ ᠬᠣᠲᠠ ᠵᠢᠨ ᠬᠡᠰᠡᠭ ᠠᠵᠤ ᠠᠬᠤᠢ᠌ᠯᠠᠯ᠎ᠳᠤ ᠬᠦᠷᠴᠦ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠣᠯᠪᠣᠭᠳᠠᠯ ᠪᠦᠬᠦᠢ ᠡᠭᠦᠷᠭᠡ ᠵᠢ ᠠᠬᠢᠭᠤᠯᠤᠭᠰᠠᠨ ᠪᠠᠶ᠋ᠢᠳᠠᠯ ᠵᠢᠴᠢ 2023 — 2024 ᠣᠨ᠎ᠤ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠪᠠᠶ᠋ᠢᠳᠠᠯ᠎ᠢ ᠣᠢ᠌ᠯᠠᠭ᠋ᠠᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠷᠢᠳ ᠬᠣᠵᠢᠳ ᠤᠯᠠᠭ᠋ᠠᠨᠴᠠᠪ ᠬᠣᠲᠠ ᠵᠢᠨ ᠴᠠᠬᠠᠷ ᠢᠯᠴᠢ ᠵᠢᠨ ᠬᠦᠴᠦᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠹᠦ᠋ ᠯᠧᠢ ᠢᠯᠴᠢ ᠵᠢᠨ ᠬᠦᠴᠦᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢ ᠰᠤᠷᠪᠤᠯᠵᠢᠯᠠᠵᠤ᠂ ᠲᠤᠬᠠᠢ ᠵᠢᠨ ᠲᠠᠯᠠᠪᠠᠶ᠎ᠳᠤ ᠪᠠᠢ᠌ᠴᠠᠭ᠋ᠠᠨ ᠦᠵᠡᠬᠦ᠂ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠥᠮᠥᠰ᠎ᠲᠠᠢ ᠰᠠᠨᠠᠯ ᠵᠶ᠋ᠠᠨ ᠰᠣᠯᠢᠯᠴᠠᠬᠤ᠂ ᠲᠤᠬᠠᠢ ᠵᠢᠨ ᠴᠠᠭ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ ᠪᠠ ᠲᠡᠦᠬᠡ ᠵᠢᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠡᠷᠭᠡ ᠵᠢ ᠰᠢᠯᠵᠢᠭᠦᠯᠦᠨ ᠦᠵᠡᠬᠦ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠨᠡᠭᠦᠷᠡᠰᠦ ᠰᠢᠲᠠᠭ᠋ᠠᠬᠤ ᠵᠤᠤᠬ᠎ᠠ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠪᠠ ᠠᠵᠢᠯᠯᠠᠭ᠋ᠠᠨ᠎ᠤ ᠪᠠᠶ᠋ᠢᠳᠠᠯ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠤᠭᠰᠠᠨ ᠪᠠᠶ᠋ᠢᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠢᠨᠵᠧᠨᠧᠷᠢᠩ᠎ᠢ ᠬᠡᠷᠡᠭᠵᠢᠭᠦᠯᠦᠭᠰᠡᠨ ᠠᠬᠢᠴᠠ ᠵᠢ ᠨᠠᠷᠢᠨ ᠣᠢ᠌ᠯᠠᠭ᠋ᠠᠵᠤ᠂ ᠲᠤᠬᠠᠢ ᠵᠢᠨ ᠲᠠᠯᠠᠪᠤᠷ᠎ᠲᠤ ᠠᠵᠤ ᠠᠬᠤᠢ᠌ᠯᠠᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠲᠠᠭᠯᠠᠨ ᠮᠡᠳᠡᠭᠦᠯᠬᠦ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠵᠢᠭ᠋ᠠᠨ ᠭᠠᠷᠭ᠋ᠠᠵᠤ᠂ ᠠᠵᠤ ᠠᠬᠤᠢ᠌ᠯᠠᠯ᠎ᠤᠨ ᠭᠣᠣᠯ ᠪᠣᠯᠬᠤ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ ᠵᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠣᠷᠣᠨ ᠵᠠᠢ ᠵᠢ ᠵᠠᠳᠠᠯᠬᠤ ᠵᠢᠨ ᠬᠠᠮᠲᠤ ᠬᠠᠨᠳᠤᠯᠭ᠋ᠠᠲᠤ ᠴᠢᠨᠠᠷᠲᠠᠢ ᠰᠠᠨᠠᠭᠤᠯᠭ᠎ᠠ ᠭᠠᠷᠭ᠋ᠠᠪᠠ᠃
      ᠳᠠᠷᠠᠭ᠎ᠠ᠎ᠨᠢ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠯᠠᠭ᠋ᠠᠨᠴᠠᠪ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠵᠢᠨᠢᠩ ᠲᠣᠭᠣᠷᠢᠭ᠎ᠤᠨ ᠬᠤᠪᠢᠶᠠᠷᠢ ᠲᠣᠪᠴᠢᠶ᠎ᠠ ᠵᠢᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠠᠵᠢᠯᠲᠠᠳ᠎ᠲᠠᠢ ᠶᠠᠷᠢᠯᠴᠠᠨ ᠰᠠᠨᠠᠯ ᠵᠶ᠋ᠠᠨ ᠰᠣᠯᠢᠯᠴᠠᠵᠤ᠂ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠨᠠᠭᠰᠢᠳᠠ ᠤᠬᠠᠭᠤᠯᠵᠤ᠂ ᠤᠯᠠᠭ᠋ᠠᠨᠴᠠᠪ ᠬᠤᠳᠠ ᠵᠢᠨ ᠬᠠᠮᠢᠶ᠎ᠠ ᠪᠦᠬᠦᠢ ᠠᠵᠢᠯ᠎ᠤᠨ ᠳᠤᠮᠳᠠᠬᠢ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠬᠠᠮᠲᠤᠪᠠᠷ ᠡᠮᠬᠢᠯᠡᠬᠦ ᠵᠢᠨ ᠬᠠᠮᠲᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠳᠤᠮᠳᠠ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠠᠮᠢᠶ᠎ᠠ ᠪᠦᠬᠦᠢ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠬᠦ ᠵᠢ ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠢ ᠬᠢᠨᠠᠨ ᠬᠠᠷᠭᠤᠭᠤᠯᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠬᠥᠳᠡᠯᠦᠩᠭᠦᠢ᠎ᠪᠠᠷ ᠰᠢᠨᠡᠳᠬᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠮᠡᠳᠡᠭᠳᠡᠯ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠨᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠬᠦᠷᠴᠦ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠢ᠌ᠯᠪᠤᠷᠢᠯᠠᠬᠤ ᠬᠤᠷᠠᠯ ᠵᠢᠴᠢ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠳᠤ ᠬᠦᠷᠴᠦ ᠪᠣᠬᠢᠷᠲᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠠᠵᠢᠯ᠎ᠢ ᠭᠦᠨᠵᠡᠭᠡᠢ᠌ᠷᠡᠭᠦᠯᠬᠦ ᠲᠤᠬᠠᠢ ᠶᠠᠷᠢᠯᠴᠠᠬᠤ ᠬᠤᠷᠠᠯ ᠬᠢᠪᠡ
 
             蒙ICP备05000248号