ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ 2023 ᠣᠨ᠎ᠤ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-25

      3 ᠰᠠᠷ᠎ᠠ ᠵᠢᠨ 11᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠡᠷᠬᠢᠯᠡᠭᠴᠢ ᠾᠧ ᠰᠢᠶᠣᠣ ᠫᠢᠩ 2023 ᠣᠨ᠎ᠤ ᠬᠢᠨᠠᠨ ᠰᠢᠯᠭ᠋ᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠡᠯ᠎ᠡ ᠰᠠᠯᠠᠭ᠎ᠠ ᠲᠠᠰᠤᠭ᠎ᠤᠨ 2023 ᠣᠨ᠎ᠤ ᠠᠵᠢᠯ᠎ᠤᠨ ᠳ᠋ᠦᠩᠨᠡᠯᠲᠡ ᠵᠢᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ 2024 ᠣᠨ᠎ᠤ ᠠᠵᠢᠯ᠎ᠳᠤ ᠪᠠᠢ᠌ᠷᠢᠯᠠᠭᠤᠯᠤᠯᠲᠠ ᠬᠢᠪᠡ᠃ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ᠎ᠳᠤ ᠣᠷᠣᠯᠴᠠᠪᠠ᠃

      ᠬᠤᠷᠠᠯ᠎ᠠᠴᠠ ᠡᠩ ᠲᠡᠷᠢᠭᠦᠨ᠎ᠳᠤ 《ᠦᠨᠡᠨ》 ᠰᠡᠳᠬᠦᠯ᠎ᠳᠤ ᠨᠡᠢ᠌ᠲᠡᠯᠡᠭᠰᠡᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠳᠤ ᠬᠡᠲᠦ ᠬᠡᠳᠦᠨ ᠴᠢᠬᠤᠯᠠ ᠶᠡᠬᠡ ᠬᠠᠷᠢᠴᠠᠭ᠎ᠠ ᠵᠢ ᠰᠢᠢ᠍ᠳᠪᠦᠷᠢᠯᠡᠬᠦ ᠬᠡᠷᠡᠭᠲᠡᠢ》 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠪᠠᠷ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠲᠥᠪᠯᠡᠷᠡᠭᠦᠯᠦᠨ ᠰᠤᠷᠤᠯᠴᠠᠵᠠᠢ᠃ ᠬᠤᠷᠠᠯ᠎ᠠᠴᠠ᠂ 2023 ᠣᠨ᠎ᠳᠤ ᠪᠦᠬᠦ ᠺᠠᠳ᠋ᠷ ᠠᠵᠢᠯᠲᠠᠨ ᠠᠵᠢᠯᠴᠢᠨ ᠪᠦᠯᠬᠦᠮᠳᠡᠨ ᠨᠢᠭᠡᠳᠴᠦ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ ᠭᠡᠵᠦ ᠵᠢᠭ᠋ᠠᠵᠤ ᠭᠠᠷᠭ᠋ᠠᠪᠠ᠃ ᠬᠤᠷᠠᠯ᠎ᠠᠴᠠ᠂ 2024 ᠣᠨ ᠪᠣᠯ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠪᠦᠬᠦ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ ᠴᠢᠬᠤᠯᠠ ᠨᠢᠭᠡ ᠵᠢᠯ ᠪᠣᠯᠣᠨ᠎ᠠ᠃ ᠪᠦᠬᠦ ᠺᠠᠳ᠋ᠷ ᠠᠵᠢᠯᠲᠠᠨ ᠠᠵᠢᠯᠴᠢᠨ ᠠᠵᠢᠯ᠎ᠤᠨ ᠵᠣᠷᠢᠭ ᠵᠶ᠋ᠡᠨ ᠬᠥᠪᠴᠢᠯᠡᠵᠦ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠵᠥᠪᠰᠢᠶᠡᠷᠡᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ᠂ ᠭᠣᠣᠯ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ ᠵᠢ ᠪᠠᠭ᠋ᠠᠰᠬᠠᠨ ᠲᠣᠭ᠋ᠠᠴᠠᠭ᠎ᠠ ᠬᠢᠬᠦ ᠡᠯ᠎ᠡ ᠵᠦᠢ᠍ᠯ᠎ᠤᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠠᠵᠢᠯ᠎ᠢ ᠦᠨᠡᠨᠬᠦ ᠰᠠᠶ᠋ᠢᠲᠤᠷ ᠬᠢᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠡᠷᠡ ᠬᠡᠪ ᠵᠶ᠋ᠡᠷ᠎ᠨᠢ ᠨᠠᠢ᠌ᠳᠠᠪᠤᠷᠢᠵᠢᠭᠤᠯᠬᠤ ᠵᠢ ᠪᠠᠲᠤᠯᠠᠬᠤ ᠵᠢᠨ ᠬᠠᠮᠲᠤ᠂ ᠨᠠᠮ᠎ᠤᠨ ᠪᠠᠢ᠌ᠭᠤᠯᠤᠯᠲᠠ ᠵᠢᠨ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠨ ᠬᠠᠷᠢᠯᠴᠠᠨ ᠠᠬᠢᠭᠤᠯᠬᠤ ᠵᠢ ᠴᠢᠩᠭ᠋ᠠᠳᠬᠠᠵᠤ᠂ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠤ᠂ ᠣᠨᠴᠠᠯᠢᠭᠲᠤ ᠳᠦᠷᠦᠯ ᠲᠡᠮᠳᠡᠭ᠎ᠢ ᠡᠭᠦᠳᠬᠦ ᠬᠡᠷᠡᠭᠳᠡᠢ ᠭᠡᠵᠦ ᠴᠢᠬᠤᠯᠠᠴᠢᠯᠠᠪᠠ᠃

      ᠬᠤᠷᠠᠯ ᠳᠡᠭᠡᠷ᠎ᠡ ᠪᠠᠰᠠ ᠨᠢᠭᠤᠴᠠ ᠰᠣᠩᠭᠣᠭᠤᠯᠢ ᠵᠢᠨ ᠪᠢᠯᠧᠲ ᠥᠭᠬᠦ ᠵᠢᠴᠢ ᠨᠠᠮ᠎ᠤᠨ ᠡᠭᠦᠷ᠎ᠤᠨ ᠭᠡᠰᠢᠭᠦᠨ᠎ᠢ ᠰᠤᠳᠤᠯᠬᠤ ᠵᠡᠷᠭᠡ ᠲᠡᠰ ᠳᠠᠷᠠᠭ᠋ᠠᠯᠠᠯ ᠵᠶ᠋ᠠᠷ ᠳᠠᠮᠵᠢᠭᠤᠯᠤᠨ 2023 ᠣᠨ᠎ᠤ ᠰᠢᠯᠢᠳᠡᠭ ᠠᠵᠢᠯᠲᠠᠨ᠎ᠢ ᠰᠢᠯᠭ᠋ᠠᠷᠠᠭᠤᠯᠤᠭᠰᠠᠨ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ 《ᠭᠤᠷᠪᠠᠨ ᠵᠠᠩᠭᠢᠯᠠᠭ᠎ᠠ》 ᠵᠢ ᠴᠢᠩᠭ᠎ᠠ ᠠᠩᠬᠠᠷᠴᠤ ᠭᠣᠣᠯ ᠪᠣᠬᠢᠷᠲᠤᠯ ᠪᠣᠳᠠᠰ᠎ᠤᠨ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠳᠦᠷᠦᠯ ᠵᠦᠢ᠍ᠯ᠎ᠢ ᠬᠢᠨᠠᠨ ᠬᠠᠷᠭᠤᠭᠤᠯᠬᠤ ᠠᠵᠢᠯ᠎ᠢ ᠰᠠᠶ᠋ᠢᠲᠤᠷ ᠠᠳᠬᠤᠨ᠎ᠠ
 
             蒙ICP备05000248号