5 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠬᠡᠮᠵᠢᠨ ᠰᠢᠯᠭ᠋ᠠᠬᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠰᠦᠨ ᠫᠠᠨ ᠨᠠᠷ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ (ᠨᠠᠭᠦᠷᠡᠰᠦᠲᠦ᠋ᠷᠦᠭᠴᠢ ᠬᠤᠷᠠᠭᠤᠯᠬᠤ) ᠬᠡᠮᠵᠢᠶ᠎ᠡ ᠵᠢᠨ ᠪᠠᠷᠢᠮᠵᠢᠶ᠎ᠠ ᠵᠢᠨ ᠬᠡᠮᠵᠢᠯᠲᠡ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠬᠦ ᠵᠡᠷᠭᠡ ᠠᠭᠤᠯᠭ᠎ᠠ ᠵᠢᠨ ᠲᠤᠬᠠᠢ ᠶᠠᠷᠢᠯᠴᠠᠨ ᠰᠣᠯᠢᠯᠴᠠᠪᠠ᠃ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠡᠷᠬᠢᠯᠡᠭᠴᠢ ᠾᠧ ᠰᠢᠶᠣᠣ ᠫᠢᠩ ᠵᠢᠴᠢ ᠬᠣᠯᠪᠣᠭᠳᠠᠯ ᠪᠦᠬᠦᠢ ᠮᠡᠷᠭᠡᠵᠢᠯ᠎ᠤᠨ ᠠᠵᠢᠯᠲᠠᠳ ᠶᠠᠷᠢᠯᠴᠠᠬᠤ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠥᠪᠡᠷ ᠥᠪᠡᠷ᠎ᠤᠨ ᠦᠨᠳᠦᠰᠦᠨ ᠪᠠᠶ᠋ᠢᠳᠠᠯ ᠪᠣᠯᠣᠨ ᠭᠣᠣᠯ ᠡᠭᠦᠷᠭᠡ ᠴᠢᠳᠠᠪᠬᠢ ᠵᠢᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠲᠠᠨᠢᠯᠴᠠᠭᠤᠯᠵᠤ᠂ ᠨᠠᠭᠦᠷᠡᠰᠦᠲᠦ᠋ᠷᠦᠭᠴᠢ ᠵᠢᠨ ᠬᠠᠮᠢᠶ᠎ᠠ ᠪᠦᠬᠦᠢ ᠲᠣᠮᠣ ᠳ᠋ᠠᠢ᠌ᠲ᠋ᠠ ᠵᠢᠨ ᠲᠠᠪᠴᠠᠩ᠎ᠤᠨ ᠪᠠᠢ᠌ᠭᠤᠯᠤᠯᠲᠠ᠂ ᠨᠠᠭᠦᠷᠡᠰᠦᠲᠦ᠋ᠷᠦᠭᠴᠢ ᠵᠢᠨ ᠲᠣᠭ᠎ᠠ ᠪᠠᠷᠢᠮᠲᠠ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠵᠠᠩᠭᠢᠯᠠᠭ᠎ᠠ ᠵᠢᠨ ᠪᠣᠯᠵᠣᠯᠲᠤ ᠲᠣᠭ᠎ᠠ ᠵᠢ ᠪᠠᠢ᠌ᠴᠠᠭ᠋ᠠᠨ ᠬᠡᠮᠵᠢᠬᠦ ᠵᠢᠴᠢ ᠤᠭ ᠦᠨᠳᠦᠰᠦ ᠵᠢ᠎ᠨᠢ ᠡᠷᠢᠬᠦ ᠵᠡᠷᠭᠡ ᠠᠭᠤᠯᠭ᠎ᠠ ᠵᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ᠃ ᠬᠣᠶᠠᠷ ᠲᠠᠯ᠎ᠠ᠎ᠪᠠᠷ ᠵᠶ᠋ᠠᠨ᠂ ᠲᠤᠰ ᠤᠳᠠᠭ᠎ᠠ ᠵᠢᠨ ᠶᠠᠷᠢᠯᠴᠠᠬᠤ ᠬᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠣᠯᠣᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠬᠠᠮᠲᠤ᠎ᠪᠠᠷ ᠮᠠᠨ᠎ᠤ ᠣᠷᠣᠨ᠎ᠤ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠣᠷᠬᠢᠯ᠎ᠳᠤ ᠬᠦᠷᠬᠦ ᠨᠠᠭᠦᠷᠡᠰᠦᠲᠦ᠋ᠷᠦᠭᠴᠢ ᠵᠢᠨ ᠰᠠᠭ᠋ᠠᠷᠠᠮᠠᠬ᠍ᠵᠢᠯᠤᠨ ᠬᠠᠷᠠᠯᠲᠠ ᠵᠢ ᠪᠡᠶᠡᠯᠡᠭᠦᠯᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ᠎ᠤᠨ ᠠᠵᠢᠯ᠎ᠢ ᠰᠠᠶ᠋ᠢᠲᠤᠷ ᠬᠢᠨ᠎ᠡ ᠭᠡᠵᠦ ᠢᠯᠡᠳᠬᠡᠪᠡ᠃