ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠪᠣᠯᠣᠨ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠰᠡᠷᠡᠮᠵᠢᠯᠡᠭᠦᠯᠬᠦ ᠬᠥᠮᠦᠵᠢᠯ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠵᠤ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠵᠤ ᠤᠭ ᠰᠠᠨᠠᠭ᠎ᠠ᠎ᠪᠠᠨ ᠰᠠᠬᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ
ᠨᠡᠶ᠋ᠢᠲᠡᠯᠡᠭᠰᠡᠨ ᠴᠠᠭ᠄ 2024-07-23

      ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠴᠢᠨᠠᠭᠰᠢᠳᠠ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠤᠬᠠᠮᠰᠠᠷ ᠪᠣᠯᠣᠨ ᠬᠠᠤᠯᠢ ᠰᠠᠬᠢᠯᠭ᠎ᠠ ᠵᠢᠨ ᠦᠵᠡᠯᠲᠡ ᠵᠢ ᠴᠢᠩᠭ᠋ᠠᠳᠬᠠᠬᠤ ᠵᠢᠨ ᠲᠥᠯᠥᠭᠡ᠂ 6 ᠰᠠᠷ᠎ᠠ ᠵᠢᠨ 27᠎ᠤ ᠡᠳᠦᠷ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠪᠣᠯᠣᠨ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠰᠠᠭᠤᠷᠢᠨ᠎ᠳᠤ《ᠰᠡᠷᠡᠮᠵᠢᠯᠡᠭᠦᠯᠬᠦ ᠬᠥᠮᠦᠵᠢᠯ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠢ᠌ᠭᠤᠯᠵᠤ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠵᠤ ᠤᠭ ᠰᠠᠨᠠᠭ᠎ᠠ᠎ᠪᠠᠨ ᠰᠠᠬᠢᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃
      ᠰᠠᠭᠤᠷᠢᠨ ᠭᠠᠵᠠᠷ᠎ᠤᠨ ᠺᠠᠳ᠋ᠷ ᠴᠠᠭᠳᠠᠭ᠎ᠠ ᠵᠢᠨ ᠲᠠᠢ᠌ᠯᠤᠮᠵᠢ ᠪᠠ ᠳᠠᠭ᠋ᠠᠭᠤᠯᠭ᠎ᠠ᠎ᠪᠠᠷ᠂ ᠪᠥᠬᠥ ᠨᠠᠮ᠎ᠤᠨ ᠭᠡᠰᠢᠭᠦᠳ 《ᠨᠠᠮ᠎ᠢ ᠴᠢᠩᠭ᠎ᠠ ᠵᠠᠰᠠᠬᠤ》 《ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ》 《ᠥᠪᠥᠷ ᠮᠣᠩᠭᠣᠯ᠎ᠤᠨ ᠳᠣᠲᠣᠭ᠋ᠠᠳᠤ ᠵᠢ ᠬᠠᠮᠠᠭ᠋ᠠᠯᠠᠬᠤ ᠲᠡᠮᠦᠷ ᠴᠡᠷᠢᠭ᠎ᠤᠨ ᠴᠣᠭ ᠵᠢᠪᠬᠤᠭ᠎ᠠ》 ᠭᠡᠬᠦ ᠭᠤᠷᠪᠠᠨ ᠦᠵᠡᠭᠦᠯᠭᠡ ᠵᠢᠨ ᠲᠣᠭᠣᠷᠢᠭ᠎ᠢ ᠳᠠᠷᠠᠭ᠋ᠠᠯᠠᠨ ᠲᠣᠭᠣᠷᠢᠨ ᠦᠵᠡᠭᠰᠡᠨ ᠪᠥᠭᠡᠳ ᠰᠡᠷᠡᠮᠵᠢᠯᠡᠭᠦᠯᠬᠦ ᠬᠥᠮᠦᠵᠢᠯ᠎ᠤᠨ ᠪᠢᠴᠢᠯ ᠺᠢᠨᠣ᠋ 《ᠰᠡᠷᠡᠮᠵᠢᠯᠡᠭᠦᠯᠬᠦ ᠲᠠᠩᠭ᠋ᠠᠷᠢᠭ》᠎ᠢ ᠦᠵᠡᠪᠡ᠃ ᠠᠯᠢ ᠤᠯᠠᠨ ᠦᠨᠡᠨ ᠪᠣᠳᠠᠲᠠᠢ ᠬᠡᠷᠡᠭ᠎ᠤᠨ ᠵᠢᠱ᠌ᠢᠶ᠎ᠡ᠂ ᠪᠣᠳᠠᠲᠤ ᠶᠠᠭᠤᠮ᠎ᠠ ᠵᠢ ᠨᠢᠭᠡᠳ ᠨᠢᠭᠡ᠎ᠪᠠᠷ ᠳᠡᠯᠭᠡᠨ ᠦᠵᠡᠭᠦᠯᠦᠭᠰᠡᠨ ᠵᠢᠴᠢ ᠳᠦᠷᠢᠮ ᠲᠣᠭᠲᠠᠭ᠋ᠠᠯ᠎ᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠤᠯᠠᠨ ᠬᠥᠮᠥᠰ᠎ᠤᠨ ᠭᠡᠮᠰᠢᠯ᠎ᠨᠢ ᠬᠥᠮᠥᠰ᠎ᠢ ᠭᠦᠨ ᠪᠣᠳᠣᠯᠭ᠋ᠠᠰᠢᠷᠠᠭᠤᠯᠵᠤ᠂ ᠪᠦᠬᠦ ᠨᠠᠮ᠎ᠤᠨ ᠭᠡᠰᠢᠭᠦᠳ᠎ᠲᠤ ᠳᠦᠷᠢᠮ ᠲᠣᠭᠲᠠᠭ᠋ᠠᠯ᠎ᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠡᠳ ᠭᠠᠷᠭ᠋ᠠᠭᠰᠠᠨ ᠬᠦᠨᠳᠦ ᠨᠣᠴᠢᠲᠠᠢ ᠦᠨ᠎ᠡ ᠥᠷᠲᠡᠭ᠎ᠢ ᠭᠦᠨᠵᠡᠭᠡᠢ ᠲᠠᠨᠢᠭᠤᠯᠵᠤ᠂ ᠤᠯᠠᠨ ᠵᠶ᠋ᠠᠷ ᠵᠶ᠋ᠠᠨ ᠬᠣᠪᠳᠣᠭ ᠰᠢᠨᠤᠬᠠᠢ ᠵᠢᠨ ᠬᠣᠣᠷ ᠬᠥᠨᠥᠭᠡᠯ᠎ᠢ ᠦᠷᠭᠦᠯᠵᠢ ᠪᠣᠳᠣᠯᠬᠢᠯᠠᠵᠤ᠂ ᠪᠡᠶ᠎ᠡ᠎ᠪᠠᠨ ᠴᠢᠩᠭ᠎ᠠ ᠪᠠᠷᠢᠬᠤ ᠰᠡᠳᠬᠢᠯᠭᠡ ᠵᠢ ᠦᠷᠭᠦᠯᠵᠢ ᠡᠪᠦᠷᠯᠡᠵᠦ᠂ ᠰᠡᠳᠬᠢᠯ ᠵᠢᠷᠦᠬᠡᠨ᠎ᠠᠴᠠ᠎ᠪᠠᠨ ᠡᠮᠢᠶᠡᠨ ᠬᠢᠴᠢᠶᠡᠵᠦ᠂ ᠦᠢ᠍ᠯᠡ ᠠᠵᠢᠯᠯᠠᠭ᠎ᠠ᠎ᠳᠠᠭᠠᠨ ᠵᠣᠭᠰᠣᠯᠲᠠ᠎ᠲᠠᠢ ᠪᠠᠶ᠋ᠢᠬᠤ ᠵᠢ ᠰᠡᠷᠡᠮᠵᠢᠯᠡᠭᠦᠯᠪᠡ᠃
      ᠲᠤᠰ ᠤᠳᠠᠭ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠪᠦᠬᠦ ᠨᠠᠮ᠎ᠤᠨ ᠭᠡᠰᠢᠭᠦᠨ᠎ᠤ ᠦᠵᠡᠯ ᠰᠠᠨᠠᠭ᠎ᠠ ᠵᠢ ᠳᠠᠪᠲᠠᠨ ᠪᠣᠯᠪᠠᠰᠤᠷᠠᠭᠤᠯᠵᠤ᠂ ᠰᠡᠳᠬᠢᠯ ᠰᠠᠨᠠᠭ᠎ᠠ ᠵᠢ᠎ᠨᠢ ᠠᠷᠢᠭᠤᠰᠬᠠᠪᠠ᠃ ᠤᠯᠠᠨ ᠵᠶ᠋ᠠᠷ ᠵᠶ᠋ᠠᠨ᠂ ᠬᠡᠷᠡᠭ ᠵᠶ᠋ᠡᠷ ᠲᠣᠯᠢ ᠪᠣᠯᠭ᠋ᠠᠵᠤ᠂ ᠰᠡᠷᠡᠮᠵᠢ ᠵᠢᠨ ᠬᠤᠩᠬᠤ ᠵᠢ ᠪᠠᠢ᠌ᠩᠭᠤ ᠳᠤᠤᠭ᠋ᠠᠷᠭ᠋ᠠᠵᠤ᠂ ᠬᠣᠶ᠋ᠢᠰᠢᠳᠠ ᠵᠢᠨ ᠠᠵᠢᠯ ᠠᠮᠢᠳᠤᠷᠠᠯ᠎ᠤᠨ ᠳᠤᠮᠳᠠ᠂ ᠥᠪᠡᠷ᠎ᠢ᠎ᠪᠠᠨ ᠬᠢᠵᠠᠭ᠋ᠠᠷᠯᠠᠬᠤ᠎ᠪᠠᠨ ᠴᠢᠨᠠᠭᠰᠢᠳᠠ ᠴᠢᠩᠭ᠋ᠠᠳᠬᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠬᠠᠤᠯᠢ ᠰᠠᠬᠢᠯᠭ᠎ᠠ ᠵᠢᠨ ᠬᠣᠷᠢᠭ᠎ᠠ ᠱᠤᠭᠤᠮ᠎ᠢ ᠬᠢᠴᠢᠶᠡᠩᠭᠦᠢ᠌ᠯᠡᠨ ᠰᠠᠬᠢᠵᠤ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠡᠪ ᠬᠠᠮᠲᠤ ᠨᠠᠮ᠎ᠤᠨ ᠭᠡᠰᠢᠭᠦᠨ᠎ᠤ ᠤᠯᠤᠰ ᠲᠥᠷᠥ ᠵᠢᠨ ᠣᠣᠷ ᠴᠢᠨᠠᠷ ᠵᠶ᠋ᠠᠨ ᠡᠭᠦᠷᠢᠳᠡ ᠪᠠᠲᠤᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ᠎ᠤᠨ ᠠᠵᠢᠯᠯᠠᠭ᠎ᠠ ᠥᠷᠨᠢᠭᠦᠯᠪᠡ
ᠣᠷᠣᠨ ᠨᠤᠲᠤᠭ᠎ᠤᠨ ᠪᠠᠷᠢᠮᠵᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠦᠨᠡᠯᠡᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠵᠢᠭᠰᠡᠨ ᠭᠠᠵᠠᠷ ᠰᠢᠷᠣᠢ ᠵᠢᠨ ᠬᠠᠮᠠᠭ᠋ᠠᠯᠠᠯᠲᠠ ᠵᠢᠨ ᠪᠤᠲᠠ ᠮᠣᠳᠣᠨ᠎ᠤ ᠣᠢ (ᠡᠯᠡᠰᠦᠨ ᠪᠤᠷᠭ᠋ᠠᠰᠤ᠂ ᠵᠠᠭ᠂ ᠬᠠᠷᠠᠭ᠋ᠠᠨ᠎ᠠ) ᠵᠢᠨ ᠨᠠᠭᠦᠷᠡᠰᠦᠲᠦ᠋ᠷᠦᠭᠴᠢ ᠵᠢᠨ ᠬᠠᠳᠠᠭ᠋ᠠᠯᠠᠭᠳᠠᠴᠠ᠎ᠳᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠮᠡᠷᠭᠡᠵᠢᠯ᠎ᠤᠨ ᠵᠢᠷᠤᠮᠵᠢᠯ》᠎ᠤᠨ ᠰᠠᠨᠠᠯ᠎ᠢ ᠢᠯᠡ᠎ᠪᠠᠷ ᠬᠤᠷᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠮᠡᠳᠡᠭᠳᠡᠯ
ᠵᠡᠭᠦᠨ ᠬᠣᠢ᠌ᠲᠤ ᠠᠽᠢᠶ᠎ᠠ ᠵᠢᠨ ᠡᠯᠡᠰᠦᠨ ᠰᠢᠭᠤᠷᠭ᠎ᠠ ᠵᠢ ᠵᠠᠰᠠᠬᠤ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠮᠡᠷᠭᠡᠵᠢᠯ᠎ᠤᠨ ᠰᠣᠯᠢᠯᠴᠠᠭ᠋ᠠᠨ᠎ᠤ ᠬᠤᠷᠠᠯ ᠬᠥᠬᠡᠬᠣᠲᠠ᠎ᠳᠤ ᠬᠤᠷᠠᠯᠳᠤᠪᠠ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠡᠷᠭᠢᠯᠡᠨ ᠨᠠᠢ᠌ᠷᠠᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ ᠵᠢᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠭᠣᠣᠯᠳᠠᠯᠭ᠎ᠠ ᠵᠢᠨ ᠲᠠᠢ᠌ᠯᠤᠮᠵᠢ》 COP29 ᠳᠤᠮᠳᠠᠳᠤ ᠤᠯᠤᠰ᠎ᠤᠨ ᠬᠠᠷᠠᠭ᠋ᠠᠰᠤ ᠦᠵᠡᠭᠦᠯᠭᠡ ᠵᠢᠨ ᠨᠣᠮ᠎ᠳᠤ ᠰᠣᠩᠭᠣᠭᠳᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠤᠯᠠᠭ᠋ᠠᠨᠴᠠᠪ ᠬᠣᠲᠠ᠎ᠳᠤ ᠬᠦᠷᠴᠦ ᠶᠡᠷᠦᠩᠬᠡᠢ ᠬᠡᠮᠵᠢᠶ᠎ᠡ ᠵᠢ ᠪᠠᠭ᠋ᠠᠰᠬᠠᠵᠤ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
             蒙ICP备05000248号