ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-08-19

      ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠣᠬᠢᠷᠠᠭᠤᠯᠤᠯᠲᠠ ᠵᠢᠨ ᠶᠣᠰᠣᠭ᠋ᠠᠷ᠂ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ᠎ᠤᠨ ᠱᠦᠵᠢ ᠾᠧ ᠰᠢᠶᠣᠣ ᠫᠢᠩ 《ᠰᠢᠨ᠎ᠡ 〈ᠳᠦᠷᠢᠮ〉᠎ᠢ ᠭᠦᠨᠵᠡᠭᠡᠢ ᠰᠤᠷᠤᠯᠴᠠᠨ ᠨᠡᠪᠲᠡᠷᠬᠡᠢ ᠣᠢ᠌ᠯᠠᠭ᠋ᠠᠵᠤ᠂ ᠮᠡᠳᠡᠬᠦᠢ ᠬᠢᠬᠦᠢ ᠵᠢ ᠨᠢᠭᠡᠳᠬᠡᠵᠦ ᠰᠠᠬᠢᠯᠭ᠎ᠠ ᠪᠠᠲᠤ ᠵᠢ ᠰᠠᠬᠢᠬᠤ》 ᠭᠡᠬᠦ ᠰᠡᠳᠦᠪ ᠵᠶ᠋ᠡᠷ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠪᠠ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠭᠡᠰᠢᠭᠦᠨ ᠠᠶᠤᠩᠭ᠎ᠠ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ᠂ ᠨᠠᠮ᠎ᠳᠤ ᠣᠷᠣᠭᠰᠠᠨ ᠢᠳᠡᠪᠬᠢᠲᠡᠨ ᠬᠤᠷᠠᠯ᠎ᠳᠤ ᠤᠷᠤᠯᠴᠠᠭᠰᠠᠨ ᠪᠠᠢ᠌ᠨ᠎ᠠ᠃
      ᠾᠧ ᠰᠢᠶᠣᠣ ᠫᠢᠩ 《ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠶ》 《ᠰᠢᠨ᠎ᠡ᠎ᠪᠠᠷ ᠵᠠᠰᠠᠪᠤᠷᠢ ᠣᠷᠣᠭᠤᠯᠤᠭᠰᠠᠨ 〈ᠳᠦᠷᠢᠮ〉᠎ᠤᠨ ᠢᠯᠡ ᠲᠣᠳᠣ ᠣᠨᠴᠠᠯᠢᠭ᠎ᠢ ᠬᠢᠨᠠᠮᠠᠭ᠋ᠠᠢ ᠡᠵᠡᠮᠰᠢᠬᠦ ᠬᠡᠷᠡᠭᠲᠡᠶ》 《ᠳᠦᠷᠢᠮ᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠠᠬᠢᠯᠭ᠎ᠠ ᠪᠠᠲᠤ ᠵᠢᠨ ᠪᠠᠲᠤ ᠬᠦᠴᠦᠨ᠎ᠢ ᠦᠨᠡᠨ ᠬᠦ᠌ ᠴᠢᠩᠭ᠋ᠠᠷᠠᠭᠤᠯᠬᠤ》 ᠭᠤᠷᠪᠠᠨ ᠲᠠᠯ᠎ᠠ᠎ᠠᠴᠠ ᠲᠠᠢ᠌ᠯᠪᠤᠷᠢᠯᠠᠯᠲᠠ ᠬᠢᠪᠡ᠃
      ᠾᠧ ᠰᠢᠶᠣᠣ ᠫᠢᠩ᠂ ᠰᠠᠬᠢᠯᠭ᠎ᠠ ᠪᠠᠲᠤ ᠴᠢᠩᠭ᠎ᠠ ᠪᠠᠶ᠋ᠢᠬᠤ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠦᠷᠢᠮ》᠎ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠶᠠᠪᠤᠳᠠᠯ᠎ᠢ ᠭᠦᠨᠵᠡᠭᠡᠢ᠌ᠷᠡᠭᠦᠯᠦᠨ ᠠᠬᠢᠭᠤᠯᠬᠤ᠎ᠳᠤ ᠵᠢᠷᠤᠮᠵᠢᠭᠤᠯᠬᠤ ᠦᠨᠳᠦᠰᠦ ᠪᠠᠷᠢᠮᠲᠠ ᠬᠠᠩᠭ᠋ᠠᠵᠤ᠂ ᠳᠦᠷᠢᠮ᠎ᠤᠨ ᠰᠠᠭᠤᠷᠢ ᠵᠢ ᠪᠠᠲᠤᠳᠬᠠᠵᠤ᠂ ᠨᠠᠮ᠎ᠤᠨ ᠡᠭᠦᠷ᠎ᠤᠨ ᠪᠦᠬᠦ ᠨᠠᠮ᠎ᠤᠨ ᠭᠡᠰᠢᠭᠦᠨ ᠺᠠᠳ᠋ᠷᠴᠤᠳ ᠰᠢᠨ᠎ᠡ 《ᠳᠦᠷᠢᠮ》᠎ᠢ ᠲᠡᠷᠡ ᠬᠡᠪ ᠵᠶ᠋ᠡᠷ᠎ᠨᠢ᠂ ᠪᠦᠯᠦᠭ ᠳᠠᠷᠠᠭ᠋ᠠᠯᠠᠨ ᠰᠤᠷᠤᠯᠴᠠᠵᠤ᠂ ᠥᠪᠡᠷ᠎ᠤᠨ ᠪᠡᠶ᠎ᠡ᠎ᠪᠠᠷ ᠵᠶ᠋ᠡᠨ ᠤᠷᠤᠯᠴᠠᠵᠤ᠂ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠠᠵᠢᠯ ᠎ᠳᠠᠭᠠᠨ ᠲᠤᠭᠤᠰᠢᠯᠠᠭᠤᠯᠵᠤ᠂ ᠦᠵᠡᠯ ᠰᠠᠨᠠᠭ᠋ᠠᠨ᠎ᠤ ᠪᠠᠷᠢᠮᠵᠢᠶ᠎ᠠ᠎ᠪᠠᠨ ᠴᠠᠭ ᠲᠤᠬᠠᠢ᠎ᠳᠤᠨᠢ ᠬᠠᠷᠭᠤᠭᠤᠯᠵᠤ᠂ ᠦᠢ᠍ᠯᠡ ᠠᠵᠢᠯᠯᠠᠭ᠎ᠠ ᠵᠢᠨ ᠵᠠᠯᠠᠭᠤᠷ ᠵᠶ᠋ᠠᠨ ᠲᠣᠬᠢᠷᠠᠭᠤᠯᠤᠨ᠂ ᠰᠤᠷᠲᠠᠯ᠎ᠤᠨ ᠬᠥᠪᠴᠢ᠎ᠪᠠᠨ ᠴᠢᠩᠭ᠋ᠠᠯᠠᠵᠤ᠂ ᠨᠠᠮ᠎ᠤᠨ ᠵᠢᠷᠭᠤᠭ᠋ᠠᠨ ᠶᠡᠬᠡ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠦᠨ ᠬᠠᠮᠠᠭ᠋ᠠᠯᠠᠵᠤ᠂ ᠡᠯ᠎ᠡ ᠵᠦᠢ᠍ᠯ᠎ᠤᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠰᠠᠶ᠋ᠢᠲᠤᠷ ᠬᠢᠵᠦ᠂ ᠮᠠᠨ᠎ᠤ ᠣᠷᠣᠨ᠎ᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠷᠣᠨ ᠨᠤᠲᠤᠭ᠎ᠤᠨ ᠪᠠᠷᠢᠮᠵᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠦᠨᠡᠯᠡᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠵᠢᠭᠰᠡᠨ ᠭᠠᠵᠠᠷ ᠰᠢᠷᠣᠢ ᠵᠢᠨ ᠬᠠᠮᠠᠭ᠋ᠠᠯᠠᠯᠲᠠ ᠵᠢᠨ ᠪᠤᠲᠠ ᠮᠣᠳᠣᠨ᠎ᠤ ᠣᠢ (ᠡᠯᠡᠰᠦᠨ ᠪᠤᠷᠭ᠋ᠠᠰᠤ᠂ ᠵᠠᠭ᠂ ᠬᠠᠷᠠᠭ᠋ᠠᠨ᠎ᠠ) ᠵᠢᠨ ᠨᠠᠭᠦᠷᠡᠰᠦᠲᠦ᠋ᠷᠦᠭᠴᠢ ᠵᠢᠨ ᠬᠠᠳᠠᠭ᠋ᠠᠯᠠᠭᠳᠠᠴᠠ᠎ᠳᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠮᠡᠷᠭᠡᠵᠢᠯ᠎ᠤᠨ ᠵᠢᠷᠤᠮᠵᠢᠯ》᠎ᠤᠨ ᠰᠠᠨᠠᠯ᠎ᠢ ᠢᠯᠡ᠎ᠪᠠᠷ ᠬᠤᠷᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠮᠡᠳᠡᠭᠳᠡᠯ
ᠵᠡᠭᠦᠨ ᠬᠣᠢ᠌ᠲᠤ ᠠᠽᠢᠶ᠎ᠠ ᠵᠢᠨ ᠡᠯᠡᠰᠦᠨ ᠰᠢᠭᠤᠷᠭ᠎ᠠ ᠵᠢ ᠵᠠᠰᠠᠬᠤ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠮᠡᠷᠭᠡᠵᠢᠯ᠎ᠤᠨ ᠰᠣᠯᠢᠯᠴᠠᠭ᠋ᠠᠨ᠎ᠤ ᠬᠤᠷᠠᠯ ᠬᠥᠬᠡᠬᠣᠲᠠ᠎ᠳᠤ ᠬᠤᠷᠠᠯᠳᠤᠪᠠ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠡᠷᠭᠢᠯᠡᠨ ᠨᠠᠢ᠌ᠷᠠᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ ᠵᠢᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠭᠣᠣᠯᠳᠠᠯᠭ᠎ᠠ ᠵᠢᠨ ᠲᠠᠢ᠌ᠯᠤᠮᠵᠢ》 COP29 ᠳᠤᠮᠳᠠᠳᠤ ᠤᠯᠤᠰ᠎ᠤᠨ ᠬᠠᠷᠠᠭ᠋ᠠᠰᠤ ᠦᠵᠡᠭᠦᠯᠭᠡ ᠵᠢᠨ ᠨᠣᠮ᠎ᠳᠤ ᠰᠣᠩᠭᠣᠭᠳᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠤᠯᠠᠭ᠋ᠠᠨᠴᠠᠪ ᠬᠣᠲᠠ᠎ᠳᠤ ᠬᠦᠷᠴᠦ ᠶᠡᠷᠦᠩᠬᠡᠢ ᠬᠡᠮᠵᠢᠶ᠎ᠡ ᠵᠢ ᠪᠠᠭ᠋ᠠᠰᠬᠠᠵᠤ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠢ ᠬᠢᠨᠠᠨ ᠬᠠᠷᠭᠤᠭᠤᠯᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠬᠥᠳᠡᠯᠦᠩᠭᠦᠢ᠎ᠪᠠᠷ ᠰᠢᠨᠡᠳᠬᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠮᠡᠳᠡᠭᠳᠡᠯ
 
             蒙ICP备05000248号