ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠥᠪᠡᠷᠲᠡᠭᠡᠨ ᠵᠠᠰᠠᠬᠤ ᠣᠷᠣᠨ᠎ᠤ 2025 ᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠪᠣᠯᠪᠠᠰᠤᠷᠠᠯ᠎ᠤᠨ ᠠᠩᠭᠢ ᠣᠷᠳᠣᠰ ᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2025-10-31

ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ᠎ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠨᠢᠭᠡ ᠦᠨᠡᠮᠯᠡᠯ᠎ᠦᠨ ᠬᠡᠯᠪᠡᠷᠢ᠎ᠶᠢᠨ ᠬᠠᠮᠢᠶᠠᠷᠤᠯᠲᠠ ᠵᠢᠯᠣᠭᠣᠳᠤᠯᠭ᠎ᠠ᠎ᠶᠢ ᠴᠢᠩᠭᠠᠳᠬᠠᠨ ᠂ ᠬᠢᠨᠠᠨ ᠵᠥᠪᠰᠢᠶᠡᠷᠡᠬᠦ ᠠᠵᠢᠯᠲᠠᠨ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠶᠢᠨ ᠴᠢᠳᠠᠪᠤᠷᠢ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ ᠂ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠲᠥᠪ᠎ᠡᠴᠡ ᠭᠣᠣᠯᠯᠠᠨ ᠡᠷᠭᠢᠯᠡᠭᠰᠡᠨ 2025 ᠣᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠪᠣᠯᠪᠠᠰᠤᠷᠠᠯ᠎ᠤᠨ ᠠᠩᠭᠢ ᠣᠷᠳᠣᠰ ᠬᠣᠲᠠ᠎ᠳᠤ ᠶᠠᠪᠤᠭᠳᠠᠪᠠ ᠃

ᠲᠣᠰ ᠤᠳᠠᠭᠠᠨ᠎ᠤ ᠪᠣᠯᠪᠠᠰᠤᠷᠠᠯ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠢᠨᠵᠧᠨᠧᠷᠢᠩ᠎ᠦᠨ ᠦᠨᠡᠯᠡᠨ ᠵᠢᠱ᠌ᠢᠬᠦ ᠲᠥᠪ ᠂ ᠱᠠᠨᠰᠢ ᠮᠤᠵᠢ᠎ᠶᠢᠨ ᠣᠷᠴᠢᠨ ᠲᠣᠭᠣᠷᠢᠨ᠎ᠤ ᠪᠠᠢᠴᠠᠭᠠᠯᠲᠠ ᠦᠨᠡᠯᠡᠨ ᠵᠢᠱ᠌ᠢᠬᠦ ᠲᠥᠪ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ ᠵᠡᠷᠭᠡ ᠠᠵᠢᠯ ᠲᠥᠷᠥᠯ᠎ᠦᠨ ᠲᠤᠰᠬᠠᠢ ᠮᠡᠷᠭᠡᠵᠢᠯᠲᠡᠨ᠎ᠢ ᠤᠷᠢᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠦᠨᠡᠮᠯᠡᠯ᠎ᠦᠨ ᠳᠠᠷᠠᠭᠠᠬᠢ ᠬᠢᠨᠠᠯᠲᠠ ᠬᠠᠮᠢᠶᠠᠷᠤᠯᠲᠠ᠎ᠶᠢᠨ ᠭᠣᠣᠯᠳᠠᠯᠭ᠎ᠠ ᠵᠢᠴᠢ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠲᠠᠢᠯᠤᠮᠵᠢ ᠬᠢᠵᠦ ᠂ ᠱᠠᠨᠰᠢ ᠮᠤᠵᠢ᠎ᠶᠢᠨ ᠬᠡᠪ ᠲᠠᠭᠤᠷᠢᠶᠠᠯᠳᠤ ᠠᠵᠢᠯ ᠲᠥᠷᠥᠯ ᠂ ᠬᠡᠪ ᠲᠠᠭᠤᠷᠢᠶᠠᠯᠳᠤ ᠠᠵᠤ ᠠᠬᠤᠢᠯᠠᠯ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠭ᠎ᠠ᠎ᠶᠢ ᠬᠤᠪᠢᠶᠠᠨ ᠡᠳ᠋ᠯᠡᠵᠦ ᠂ ᠪᠥᠬᠥ ᠣᠷᠣᠨ᠎ᠤ ᠢᠯᠴᠢ᠎ᠶᠢᠨ ᠴᠠᠬᠢᠯᠭᠠᠨ᠎ᠤ ᠠᠵᠢᠯ ᠲᠥᠷᠥᠯ᠎ᠦᠨ ᠨᠢᠭᠡᠳᠦᠯᠲᠡᠢ ᠮᠡᠳᠡᠭᠡ ᠵᠠᠩᠭᠢ᠎ᠶᠢᠨ ᠮᠡᠳᠡᠭᠦᠯᠬᠦ ᠬᠦᠰᠦᠨᠦᠭᠲᠦ᠎ᠶᠢ ᠲᠠᠭᠯᠠᠨ ᠮᠡᠳᠡᠭᠦᠯᠬᠦ ᠪᠠ ᠶᠠᠰᠤ ᠴᠢᠨᠠᠷ᠎ᠢ ᠬᠢᠨᠠᠨ ᠬᠠᠷᠭᠤᠭᠤᠯᠬᠤ ᠠᠵᠢᠯ᠎ᠤᠨ ᠵᠢᠯᠣᠭᠣᠳᠤᠯᠭ᠎ᠠ ᠬᠢᠪᠡ ᠃ ᠡᠭᠦᠨ᠎ᠦ ᠬᠠᠮᠲᠤ ᠂ ᠠᠢᠮᠠᠭ ᠬᠣᠲᠠ᠎ᠶᠢᠨ ᠬᠣᠭᠣᠷᠣᠨᠳᠣᠬᠢ ᠲᠤᠷᠰᠢᠯᠭ᠎ᠠ᠎ᠶᠢᠨ ᠰᠣᠯᠢᠯᠴᠠᠭ᠎ᠠ᠎ᠶᠢ ᠵᠣᠬᠢᠶᠠᠨ ᠪᠠᠶ᠋ᠢᠭᠤᠯᠬᠤ᠎ᠪᠠᠷ ᠳᠡᠮᠵᠢᠨ ᠂ ᠪᠥᠬᠥ ᠣᠷᠣᠨ᠎ᠤ ᠡᠳᠦᠷ ᠲᠤᠲᠤᠮ᠎ᠤᠨ ᠠᠵᠢᠯ᠎ᠤᠨ ᠳᠤᠮᠳᠠ ᠲᠤᠯᠭᠠᠷᠠᠭᠰᠠᠨ ᠬᠦᠴᠢᠷᠳᠡᠯ᠎ᠢ ᠬᠤᠷᠢᠶᠠᠩᠭᠤᠢᠯᠠᠵᠤ ᠂ ᠡᠯ᠎ᠡ ᠠᠢᠮᠠᠭ ᠬᠣᠲᠠ᠎ᠶᠢᠨ 2025 ᠣᠨ᠎ᠤ ᠳᠡᠭᠡᠷ᠎ᠡ ᠬᠠᠭᠠᠰ ᠵᠢᠯ᠎ᠦᠨ ᠠᠵᠢᠯ᠎ᠤᠨ ᠠᠬᠢᠴᠠ ᠵᠢᠴᠢ ᠠᠬᠢᠭᠤᠯᠬᠤ ᠲᠥᠯᠥᠪᠯᠡᠭᠡ᠎ᠶᠢ ᠣᠢᠯᠠᠭᠠᠨ ᠂ ᠳᠣᠣᠷ᠎ᠠ ᠬᠠᠭᠠᠰ ᠵᠢᠯ᠎ᠦᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠠᠵᠢᠯ᠎ᠤᠨ ᠡᠭᠦᠷᠭᠡ᠎ᠶᠢ ᠨᠠᠩ ᠰᠠᠢᠲᠤᠷ ᠪᠠᠢᠷᠢᠯᠠᠭᠤᠯᠬᠤ᠎ᠳᠤ ᠰᠠᠭᠤᠷᠢ ᠲᠠᠯᠪᠢᠵᠤ ᠥᠭᠴᠡᠢ᠃

ᠲᠣᠰ ᠤᠳᠠᠭᠠᠨ᠎ᠤ ᠪᠣᠯᠪᠠᠰᠤᠷᠠᠯ ᠨᠢ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠨᠠᠬᠢ ᠬᠡᠯᠪᠡᠷᠢ᠎ᠶᠢ ᠠᠪᠴᠤ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠶᠢᠨ ᠭᠣᠣᠯ ᠴᠣᠭᠴᠠ᠎ᠶᠢᠨ ᠬᠠᠤᠯᠢ ᠴᠠᠭᠠᠵᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ ᠂ ᠢᠯᠴᠢ᠎ᠶᠢᠨ ᠴᠠᠬᠢᠯᠭᠠᠨ᠎ᠤ ᠠᠵᠢᠯ ᠲᠥᠷᠥᠯ᠎ᠦᠨ ᠨᠢᠭᠡᠳᠦᠯᠲᠡᠢ ᠮᠡᠳᠡᠭᠡ ᠵᠠᠩᠭᠢ᠎ᠶᠢᠨ ᠮᠡᠳᠡᠭᠦᠯᠦᠯᠲᠡ᠎ᠶᠢᠨ ᠬᠦᠰᠦᠨᠦᠭᠲᠦ᠎ᠶᠢ ᠲᠠᠭᠯᠠᠨ ᠮᠡᠳᠡᠭᠦᠯᠬᠦ ᠵᠢᠷᠤᠮᠵᠢᠯ᠎ᠤᠨ ᠴᠢᠨᠠᠷ᠎ᠢ ᠳᠡᠭᠡᠭᠰᠢᠯᠡᠭᠦᠯᠬᠦ ᠵᠡᠷᠭᠡ᠎ᠳᠦ ᠰᠠᠢᠨ ᠰᠠᠢᠬᠠᠨ ᠵᠢᠱ᠌ᠢᠶ᠎ᠡ ᠦᠵᠡᠭᠦᠯᠬᠦ ᠦᠢᠯᠡᠳᠦᠯ ᠦᠵᠡᠭᠦᠯᠬᠦ ᠪᠣᠯᠣᠨ᠎ᠠ ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠣᠷᠴᠢᠨ ᠲᠣᠭᠣᠷᠢᠨ᠎ᠤ ᠨᠥᠯᠥᠭᠡᠯᠡᠯ ᠬᠢᠭᠡᠳ ᠭᠠᠳᠠᠭᠰᠢᠯᠠᠭᠤᠯᠤᠯᠲᠠ᠎ᠶᠢᠨ ᠬᠠᠮᠢᠶᠠᠷᠤᠯᠲᠠ᠎ᠶᠢᠨ ᠭᠠᠵᠠᠷ ᠂ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠥᠪ ᠂ ᠡᠯ᠎ᠡ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠶᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠦᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠂ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠶᠢᠨ ᠨᠡᠶ᠋ᠢᠲᠡ 150 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号