ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠨᠡᠭᠦᠷᠡᠰᠦᠲᠥᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠨᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠬᠦᠷᠴᠦ ᠪᠠᠢ᠌ᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-02-19

      1 ᠰᠠᠷ᠎ᠠ ᠵᠢᠨ 14᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠬᠥᠭᠵᠢᠯᠲᠡ ᠵᠢᠨ ᠲᠥᠪ᠎ᠤᠨ ᠡᠷᠬᠢᠯᠡᠭᠴᠢ ᠵᠧᠦ ᠴᠠᠩ ᠪᠥᠸᠧ ᠨᠠᠷ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠲᠤ ᠪᠠᠢ᠌ᠴᠠᠭ᠋ᠠᠨ ᠰᠤᠳᠤᠯᠤᠯᠲᠠ ᠬᠢᠵᠦ᠂ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠭᠠᠵᠠᠷ᠎ᠤᠨ ᠳᠡᠳ᠋ ᠳᠠᠷᠤᠭ᠎ᠠ ᠰᠦᠨ ᠮᠧᠩ ᠵᠢᠶᠦ᠋ᠨ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠡᠷᠬᠢᠯᠡᠭᠴᠢ ᠾᠧ ᠰᠢᠶᠣᠣ ᠫᠢᠩ ᠵᠢᠴᠢ ᠬᠠᠮᠢᠶ᠎ᠠ ᠪᠦᠬᠦᠢ ᠠᠵᠢᠯᠲᠠᠳ ᠶᠠᠷᠢᠯᠴᠠᠬᠤ ᠬᠤᠷᠠᠯ᠎ᠳᠤ ᠣᠷᠣᠯᠴᠠᠪᠠ᠃
      ᠶᠠᠷᠢᠯᠴᠠᠬᠤ ᠬᠤᠷᠠᠯ ᠳᠡᠭᠡᠷ᠎ᠡ᠂ ᠬᠣᠶᠠᠷ ᠲᠠᠯ᠎ᠠ᠎ᠪᠠᠷ ᠵᠶ᠋ᠠᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ ᠳᠦᠷᠦᠯ᠎ᠤᠨ ᠠᠵᠤ ᠠᠬᠤᠢ᠌ᠯᠠᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠡᠵᠡᠮᠳᠡᠬᠦ᠂ ᠠᠵᠤ ᠠᠬᠤᠢ᠌ᠯᠠᠯ᠎ᠤᠨ ᠰᠠᠷ᠎ᠠ ᠵᠢᠨ ᠬᠠᠳᠠᠭ᠋ᠠᠯᠠᠮᠵᠢ ᠵᠢᠨ ᠦᠨᠡᠮᠯᠡᠯ᠎ᠤᠨ ᠮᠡᠳᠡᠭᠡ ᠵᠠᠩᠭᠢ ᠵᠢ ᠰᠤᠭᠤᠴᠢᠨ ᠪᠠᠢ᠌ᠴᠠᠭ᠋ᠠᠬᠤ᠂ ᠭᠡᠷ᠎ᠡ ᠵᠢ ᠭᠦᠢ᠍ᠴᠡᠳᠬᠡᠬᠦ ᠳᠠᠷᠤᠭ᠋ᠠᠰᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠬᠠᠪᠰᠤᠷᠤᠨ ᠲᠡᠳᠬᠦᠵᠦ ᠴᠡᠭᠴᠡᠯᠡᠨ ᠰᠠᠢ᠌ᠵᠢᠷᠠᠭᠤᠯᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠭᠦᠢ᠍ᠴᠡᠳ ᠰᠤᠳᠤᠯᠤᠨ ᠶᠠᠷᠢᠯᠴᠠᠪᠠ᠃
      ᠲᠣᠰ ᠤᠳᠠᠭ᠋ᠠᠨ᠎ᠤ ᠶᠠᠷᠢᠯᠴᠠᠬᠤ ᠬᠤᠷᠠᠯ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠮᠠᠨ᠎ᠤ ᠲᠢᠩᠬᠢᠮ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠠᠯ᠎ᠠ᠎ᠪᠠᠷ᠎ᠬᠢ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠴᠢᠩᠭ᠋ᠠᠳᠬᠠᠭᠰᠠᠨ ᠵᠶ᠋ᠠᠷ ᠪᠠᠷᠠᠬᠤ ᠦᠭᠡᠢ᠂ ᠪᠠᠰᠠ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠬᠣᠶ᠋ᠢᠰᠢᠳᠠ ᠵᠢᠨ ᠬᠣᠯᠪᠣᠭᠳᠠᠯ ᠪᠦᠬᠦᠢ ᠠᠵᠢᠯ᠎ᠢ ᠥᠷᠨᠢᠭᠦᠯᠬᠦ᠎ᠳᠤ ᠬᠦᠴᠦᠲᠡᠢ ᠵᠢᠯᠣᠭᠣᠳᠤᠯᠭ᠎ᠠ ᠬᠠᠩᠭ᠋ᠠᠵᠤ᠂ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠡᠷᠡᠭᠦᠯ᠂ ᠲᠣᠭᠲᠠᠭᠤᠨ᠂ ᠦᠷᠭᠦᠯᠵᠢᠯᠡᠬᠦ ᠬᠥᠭᠵᠢᠯᠲᠡ ᠵᠢ ᠲᠦᠯᠬᠢᠨ ᠠᠬᠢᠭᠤᠯᠵᠤ᠂ ᠤᠯᠤᠰ᠎ᠤᠨ ᠬᠣᠣᠰ ᠨᠠᠭᠦᠷᠡᠰᠦᠲᠦ᠋ᠷᠦᠭᠴᠢ ᠵᠢᠨ ᠬᠠᠷᠠᠯᠲᠠ ᠵᠢ ᠪᠡᠶᠡᠯᠡᠭᠦᠯᠬᠦ᠎ᠳᠤ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠭᠦᠬᠦ᠎ᠳᠤ ᠠᠰᠢᠭᠲᠠᠢ ᠶᠤᠮ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠢ᠌ᠯᠪᠤᠷᠢᠯᠠᠬᠤ ᠬᠤᠷᠠᠯ ᠵᠢᠴᠢ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠳᠤ ᠬᠦᠷᠴᠦ ᠪᠣᠬᠢᠷᠲᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠠᠵᠢᠯ᠎ᠢ ᠭᠦᠨᠵᠡᠭᠡᠢ᠌ᠷᠡᠭᠦᠯᠬᠦ ᠲᠤᠬᠠᠢ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ 《ᠮᠢᠩᠭ᠋ᠠᠨ ᠲᠦᠮᠡᠨ ᠢᠨᠵᠧᠨᠧᠷᠢᠩ》 ᠪᠣᠯᠣᠨ 《ᠫᠦᠵᠢᠶᠠᠩ᠎ᠤᠨ ᠲᠤᠷᠰᠢᠯᠭ᠎ᠠ》 ᠵᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠪᠤᠳᠤᠯ ᠰᠠᠨᠠᠯ ᠵᠶ᠋ᠠᠨ ᠰᠣᠯᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠬᠦᠷᠴᠦ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠡᠭ ᠴᠢᠭ᠋᠎ᠤᠨ ᠠᠵᠢᠯ᠎ᠢ ᠭᠦᠨᠵᠡᠭᠡᠢ᠌ᠷᠡᠭᠦᠯᠬᠦ ᠲᠤᠬᠠᠢ ᠵᠥᠪᠳᠡᠯᠴᠡᠪᠡ
 
             蒙ICP备05000248号