ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠦᠵᠡᠭᠦᠯᠬᠦ ᠲᠥᠪ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-04-28

      4 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠰᠢᠮᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ᠎ᠨᠢ ᠰᠢ ᠵᠢᠨ ᠫᠢᠩ ᠶᠡᠷᠦᠩᠬᠡᠢ ᠱᠦᠵᠢ ᠵᠢᠨ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠠᠷᠤᠮᠠᠯᠯᠠᠨ ᠲᠠᠷᠬᠠᠭ᠋ᠠᠭᠰᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠲᠥᠰᠥᠯ᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠵᠤ᠂ ᠭᠣᠣᠯ ᠨᠠᠮ᠎ᠤᠨ ᠡᠭᠦᠷ᠎ᠤᠨ ᠱᠦᠵᠢ᠂ ᠳᠡᠳ᠋ ᠡᠷᠬᠢᠯᠡᠭᠴᠢ ᠴᠧᠨ ᠢᠦᠢ ᠬᠤᠷᠠᠯ᠎ᠢ ᠡᠷᠬᠢᠯᠡᠬᠦ ᠵᠢᠨ ᠬᠠᠮᠲᠤ ᠲᠤᠰᠬᠠᠢ ᠰᠡᠳᠦᠪᠲᠦ ᠨᠠᠮ᠎ᠤᠨ ᠬᠢᠴᠢᠶᠡᠯ᠎ᠤᠨ ᠬᠠᠪᠰᠤᠷᠤᠨ ᠵᠢᠯᠣᠭᠣᠳᠤᠯᠭ᠎ᠠ ᠬᠢᠵᠡᠢ᠃

      ᠬᠤᠷᠠᠯ᠎ᠠᠴᠠ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠬᠥᠲᠥᠯᠪᠦᠷᠢ (2023 ᠣᠨ᠎ᠤ ᠬᠡᠪᠯᠡᠯ)》 ᠪᠣᠯᠣᠨ 《ᠰᠢ ᠵᠢᠨ ᠫᠢᠩ᠎ᠤᠨ ᠵᠣᠬᠢᠶᠠᠯ᠎ᠤᠨ ᠰᠣᠩᠭᠣᠮᠠᠯ》᠎ᠤᠨ ᠨᠢᠭᠡᠳᠦᠭᠡᠷ᠂ ᠬᠣᠶᠠᠳᠤᠭ᠋ᠠᠷ ᠪᠣᠳᠢ ᠵᠢᠨ ᠬᠡᠰᠡᠭ ᠠᠭᠤᠯᠭ᠎ᠠ ᠵᠢ ᠲᠥᠪᠯᠡᠷᠡᠭᠦᠯᠦᠨ ᠰᠤᠷᠤᠯᠴᠠᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠠᠵᠢᠯ᠎ᠤᠨ ᠲᠥᠰᠥᠯ᠎ᠤᠨ ᠱᠠᠭ᠋ᠠᠷᠳᠠᠯᠭ᠎ᠠ ᠵᠢ ᠭᠣᠣᠯᠳᠠᠯᠭ᠎ᠠ᠎ᠲᠠᠢ ᠰᠤᠳᠤᠯᠵᠤ᠂ ᠨᠠᠮ᠎ᠤᠨ ᠡᠭᠦᠷ᠎ᠤᠨ ᠱᠦᠵᠢ ᠪᠣᠯᠣᠨ ᠨᠠᠮ᠎ᠤᠨ ᠭᠡᠰᠢᠭᠦᠨ ᠲᠡᠰ ᠳᠠᠷᠠᠭ᠋ᠠᠯᠠᠨ ᠰᠤᠳᠤᠯᠤᠨ ᠶᠠᠷᠢᠯᠴᠠᠵᠤ ᠰᠣᠯᠢᠯᠴᠠᠬᠤ ᠶᠠᠷᠢᠶ᠎ᠠ ᠲᠠᠯᠪᠢᠵᠤ᠂ ᠬᠦᠷᠦᠯᠴᠡᠬᠦ ᠦᠭᠡᠢ ᠲᠠᠯ᠎ᠠ᠎ᠪᠠᠨ ᠭᠦᠨᠵᠡᠭᠡᠢ ᠪᠠᠢ᠌ᠴᠠᠭ᠋ᠠᠨ ᠳᠡᠯᠭᠡᠪᠡ᠃

      ᠬᠤᠷᠠᠯ᠎ᠠᠴᠠ ᠱᠠᠭ᠋ᠠᠷᠳᠠᠭᠰᠠᠨ᠎ᠨᠢ᠂ ᠲᠥᠪ᠎ᠤᠨ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠠᠵᠢᠯ᠎ᠤᠨ ᠲᠣᠬᠢᠷᠠᠭᠤᠯᠤᠯᠲᠠ ᠵᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠳᠣᠣᠷ᠎ᠠ᠎ᠨᠢ ᠶᠡᠷᠦᠩᠬᠡᠢ᠌ᠯᠡᠭᠰᠡᠨ ᠤᠬᠠᠭᠤᠯᠭ᠎ᠠ ᠵᠢᠨ ᠳᠤᠭᠤᠢ᠌ᠯᠠᠩ᠂ ᠪᠠᠢ᠌ᠴᠠᠭ᠋ᠠᠨ ᠰᠤᠳᠤᠯᠵᠤ ᠦᠢ᠍ᠯᠡᠳᠦᠯᠭᠡᠵᠢᠭᠦᠯᠬᠦ ᠳᠤᠭᠤᠢ᠌ᠯᠠᠩ᠂ ᠴᠡᠭᠴᠡᠯᠡᠨ ᠰᠠᠢ᠌ᠵᠢᠷᠠᠭᠤᠯᠵᠤ ᠦᠢ᠍ᠯᠡᠳᠦᠯᠭᠡᠵᠢᠭᠦᠯᠬᠦ ᠳᠤᠭᠤᠢ᠌ᠯᠠᠩ ᠵᠡᠷᠭᠡ 3 ᠠᠵᠢᠯᠯᠠᠬᠤ ᠳᠤᠭᠤᠢ᠌ᠯᠠᠩ ᠭᠠᠷᠭ᠋ᠠᠬᠤ ᠬᠡᠷᠡᠭᠲᠡᠢ᠃ ᠭᠠᠷᠠᠭ ᠪᠦᠷᠢ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ᠂ ᠭᠣᠣᠯᠳᠠᠯᠭ᠎ᠠ᠎ᠲᠠᠢ ᠰᠤᠷᠤᠯᠴᠠᠬᠤ ᠠᠭᠤᠯᠭ᠎ᠠ ᠵᠢ ᠡᠳᠦᠷ ᠪᠦᠷᠢ ᠲᠣᠪᠴᠢᠯᠠᠨ ᠬᠠᠭᠤᠯᠬᠤ᠂ ᠳᠤᠭᠤᠢ᠌ᠯᠠᠩ ᠬᠤᠪᠢᠶᠠᠨ ᠬᠦᠷᠢᠶ᠎ᠡ ᠬᠤᠪᠢᠶᠠᠨ ᠪᠠᠢ᠌ᠴᠠᠭ᠋ᠠᠨ ᠰᠤᠳᠤᠯᠤᠯᠲᠠ ᠥᠷᠨᠢᠭᠦᠯᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠢ᠌ᠯᠠᠭ᠋ᠠᠵᠤ ᠪᠣᠳᠠᠲᠠᠢ ᠡᠵᠡᠮᠰᠢᠵᠦ᠂ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ》 ᠶᠡᠷᠦᠩᠬᠡᠢ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃

      ᠬᠤᠷᠠᠯ ᠳᠡᠭᠡᠷ᠎ᠡ ᠴᠧᠨ ᠢᠦᠢ ᠨᠥᠬᠥᠷ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦ ᠨᠡᠮᠡᠷᠢᠯᠡᠶ᠎ᠡ》 ᠭᠡᠬᠦ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭ᠋ᠠᠪᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠡᠷᠭᠡ ᠠᠭᠤᠯᠭ᠎ᠠ ᠵᠢ ᠭᠦᠨᠵᠡᠭᠡᠢ ᠲᠣᠳᠣᠷᠬᠠᠢ᠌ᠯᠠᠨ ᠲᠠᠢ᠌ᠯᠪᠤᠷᠢᠯᠠᠬᠤ ᠵᠢᠨ ᠬᠠᠮᠲᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠳᠠᠯᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠨ ᠲᠠᠢ᠌ᠯᠪᠤᠷᠢᠯᠠᠪᠠ᠃ ᠦᠵᠡᠯ ᠰᠠᠨᠠᠭ᠎ᠠ ᠤᠨᠤᠯ᠎ᠤᠨ ᠰᠠᠭᠤᠷᠢ ᠵᠢ ᠬᠦᠴᠦᠯᠡᠨ ᠪᠡᠬᠢᠵᠢᠭᠦᠯᠵᠦ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠰᠢᠨ᠎ᠡ ᠪᠠᠶ᠋ᠢᠳᠠᠯ᠎ᠢ ᠰᠤᠳᠤᠯᠵᠤ᠂ ᠰᠢᠨ᠎ᠡ ᠠᠰᠠᠭᠤᠳᠠᠯ᠎ᠢ ᠰᠢᠢ᠍ᠳᠪᠦᠷᠢᠯᠡᠵᠦ᠂ ᠰᠢᠨ᠎ᠡ ᠳᠦᠷᠰᠦ ᠪᠠᠶ᠋ᠢᠳᠠᠯ᠂ ᠰᠢᠨ᠎ᠡ ᠵᠢᠳᠬᠦᠯ ᠴᠢᠷᠮᠠᠢ᠌ᠯᠭ᠎ᠠ᠎ᠪᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠵᠢᠨ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠪᠤᠭᠤᠲᠤ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠢ᠌ᠴᠠᠭ᠋ᠠᠬᠤ ᠠᠵᠢᠯ ᠥᠷᠨᠢᠭᠦᠯᠵᠡᠢ
ᠳᠤᠤᠭ᠋ᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠬᠠᠮᠲᠤ᠎ᠪᠠᠷ ᠠᠬᠢᠭᠤᠯᠤᠨ᠎ᠠ — ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠵᠢᠷᠭᠤᠳᠤᠭ᠋ᠠᠷ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠯᠦᠭᠡ ᠭᠣᠣᠯ ᠰᠡᠳᠦᠪᠲᠦ ᠬᠠᠮᠲᠤᠷᠠᠭᠰᠠᠨ ᠨᠠᠮ᠎ᠤᠨ ᠡᠳᠦᠷ᠎ᠤᠨ  ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠸᠢᠳᠢᠤ᠋ ᠪᠤᠯᠪᠠᠰᠤᠷᠠᠯ᠎ᠤᠨ ᠬᠤᠷᠠᠯ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠶᠡᠬᠡ ᠬᠤᠷᠠᠯ᠎ᠤᠨ ᠵᠣᠷᠢᠭ ᠰᠠᠨᠠᠭ᠎ᠠ ᠵᠢ ᠣᠢ᠌ᠯᠠᠭ᠋ᠠᠵᠤ ᠪᠣᠬᠢᠷᠲᠤᠯ ᠦᠭᠡᠢ ᠠᠭᠤᠷᠬᠠᠢ ᠵᠢ ᠬᠠᠮᠲᠤᠪᠠᠷ ᠪᠠᠢ᠌ᠭᠤᠯᠤᠶ᠎ᠠ — ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠠᠬᠢᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
             蒙ICP备05000248号