ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
《5.4》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠠᠮᠲᠤᠪᠠᠷ ᠴᠣᠭᠴᠠᠯᠠᠨ᠎ᠠ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-05-10

      《5.4》᠎ᠤ ᠵᠠᠯᠠᠭᠤᠴᠤᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠦᠵᠡᠭᠦᠯᠬᠦ ᠲᠥᠪ᠎ᠤᠨ ᠵᠠᠯᠠᠭᠤᠴᠤᠳ᠎ᠤᠨ ᠠᠵᠢᠯ᠎ᠤᠨ ᠵᠥᠪᠯᠡᠯ᠎ᠤᠨ ᠬᠤᠪᠢᠶᠠᠷᠢ ᠵᠥᠪᠯᠡᠯ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠥᠪ᠎ᠤᠨ ᠨᠠᠮ᠎ᠤᠨ ᠡᠭᠦᠷ᠎ᠤᠨ ᠱᠦᠵᠢ ᠴᠧᠨ ᠢᠦᠢ ᠨᠥᠬᠥᠷ ᠬᠤᠷᠠᠯ᠎ᠢ ᠡᠷᠬᠢᠯᠡᠵᠦ᠂ ᠲᠥᠪ᠎ᠤᠨ ᠪᠦᠬᠦ ᠵᠠᠯᠠᠭᠤ ᠠᠵᠢᠯᠲᠠᠨ ᠠᠵᠢᠯᠴᠢᠨ ᠣᠷᠣᠯᠴᠠᠪᠠ᠃

      ᠲᠥᠪ᠎ᠤᠨ ᠪᠥᠬᠥ ᠵᠠᠯᠠᠭᠤ ᠠᠵᠢᠯᠲᠠᠨ ᠠᠵᠢᠯᠴᠢᠨ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠲᠤᠬᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠵᠢᠨ ᠵᠠᠯᠠᠭᠤᠴᠤᠳ᠎ᠲᠤ ᠲᠠᠯᠪᠢᠭᠰᠠᠨ ᠠᠭᠤᠤ ᠶᠡᠬᠡ ᠤᠷᠢᠶᠠᠯᠠᠭ᠎ᠠ ᠵᠢᠨ ᠲᠣᠭᠣᠷᠢᠨ᠎ᠳᠤ᠂ 《ᠪᠢ ᠪᠠᠢ᠌ᠨ᠎ᠠ》 ᠭᠡᠬᠦ ᠲᠠᠪᠤᠨ ᠰᠠᠷ᠎ᠠ ᠵᠢᠨ ᠳᠥᠷᠪᠡᠨ᠎ᠤ ᠤᠬᠠᠭᠤᠯᠭ᠎ᠠ ᠵᠢᠨ ᠹᠢᠯᠢᠮ᠎ᠲᠠᠢ ᠤᠶᠠᠯᠳᠤᠭᠤᠯᠤᠨ᠂ ᠴᠠᠭ ᠦᠶ᠎ᠡ ᠵᠢᠨ ᠬᠦᠨᠳᠦ ᠨᠠᠢ᠌ᠳᠠᠯᠭ᠎ᠠ ᠵᠢ ᠦᠯᠦ ᠬᠥᠰᠡᠷᠳᠡᠭᠦᠯᠬᠦ ᠡᠭᠦᠷᠭᠡ ᠬᠠᠷᠢᠭᠤᠴᠠᠯᠭ᠎ᠠ᠎ᠪᠠᠷ ᠪᠣᠳᠣᠯ ᠰᠠᠨᠠᠯ ᠵᠶ᠋ᠠᠨ ᠠᠭᠤᠵᠢᠷᠠᠲᠠᠯ᠎ᠠ ᠶᠠᠷᠢᠯᠴᠠᠪᠠ᠃ ᠲᠥᠪ᠎ᠤᠨ ᠨᠠᠮ᠎ᠤᠨ ᠡᠭᠦᠷ᠎ᠤᠨ ᠱᠦᠵᠢ ᠰᠠᠨᠠᠯ ᠵᠶ᠋ᠠᠨ ᠰᠣᠯᠢᠯᠴᠠᠬᠤ ᠶᠠᠪᠤᠴᠠ᠎ᠳᠤ᠂ ᠵᠠᠯᠠᠭᠤᠴᠤᠳ᠎ᠢ ᠬᠦᠨᠳᠦᠳᠬᠡᠵᠦ᠂ ᠵᠠᠯᠠᠭᠤᠴᠤᠳ᠎ᠢ ᠬᠥᠮᠥᠵᠢᠭᠦᠯᠵᠦ᠂ ᠵᠠᠯᠠᠭᠤᠴᠤᠳ᠎ᠢ ᠬᠠᠢ᠌ᠷᠠᠯᠠᠵᠤ᠂ ᠵᠠᠯᠠᠭᠤᠴᠤᠳ᠎ᠢ ᠪᠠᠷᠠᠯᠠᠬᠤ᠎ᠨᠢ ᠢᠮᠠᠭᠲᠠ ᠶᠡᠷᠦᠩᠬᠡᠢ ᠱᠦᠵᠢ ᠰᠢ ᠵᠢᠨ ᠫᠢᠩ᠎ᠤᠨ 《ᠵᠠᠯᠠᠭᠤᠴᠤᠳ᠎ᠤᠨ ᠦᠵᠡᠯᠲᠡ》᠎ᠳᠤ ᠲᠤᠭᠤᠰᠢᠯᠠᠭᠳᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠵᠠᠯᠠᠭᠤᠴᠤᠳ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ᠎ᠢ ᠬᠠᠢ᠌ᠷᠠᠯᠠᠨ ᠬᠠᠯᠠᠮᠵᠢᠯᠠᠵᠤ ᠪᠠᠶ᠋ᠢᠬᠤ ᠵᠢ ᠭᠦᠢ᠍ᠴᠡᠳ ᠢᠯᠡᠷᠡᠭᠦᠯᠵᠡᠢ ᠭᠡᠵᠦ ᠵᠢᠭ᠋ᠠᠵᠤ ᠭᠠᠷᠭ᠋ᠠᠪᠠ᠃ ᠡᠨᠡ᠎ᠨᠢ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠵᠠᠯᠠᠭᠤᠴᠤᠳ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ᠎ᠢ ᠬᠠᠢ᠌ᠷᠠᠯᠠᠨ ᠬᠠᠯᠠᠮᠵᠢᠯᠠᠵᠤ ᠪᠠᠶ᠋ᠢᠬᠤ ᠵᠢ ᠬᠠᠷᠠᠭᠤᠯᠵᠤ ᠪᠠᠢ᠌ᠨ᠎ᠠ᠃ ᠤᠯᠠᠨ ᠵᠶ᠋ᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠬᠦᠰᠡᠯᠡᠩ᠎ᠲᠠᠢ᠂ ᠬᠠᠷᠢᠭᠤᠴᠠᠯᠭ᠎ᠠ᠎ᠲᠠᠢ ᠵᠠᠯᠠᠭᠤᠴᠤᠳ ᠪᠣᠯᠬᠤ᠎ᠪᠠᠷ ᠴᠢᠷᠮᠠᠢ᠌ᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠦᠢ᠍ᠯᠡᠰ᠎ᠲᠤ ᠬᠦᠴᠦᠨ ᠴᠢᠳᠠᠯ ᠵᠶ᠋ᠠᠨ ᠡᠷᠭᠦᠵᠦ᠂ ᠵᠠᠯᠠᠭᠤ ᠨᠠᠰᠤ᠎ᠪᠠᠨ ᠰᠢᠨ᠎ᠡ ᠠᠭᠤᠤ ᠶᠡᠬᠡ ᠠᠶᠠᠨ ᠵᠠᠮ᠎ᠳᠤ ᠠᠭᠤᠰᠬᠠᠬᠤ ᠬᠡᠷᠡᠭᠲᠡᠢ ᠭᠡᠵᠦ ᠵᠣᠷᠢᠭᠵᠢᠭᠤᠯᠪᠠ᠃

      ᠶᠠᠷᠢᠯᠴᠠᠬᠤ ᠬᠤᠷᠠᠯ ᠳᠡᠭᠡᠷ᠎ᠡ ᠪᠠᠰᠠ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ 《ᠲᠠᠯ᠎ᠠ ᠨᠤᠲᠤᠭ᠎ᠤᠨ ᠡᠵᠢ ᠵᠢᠨ ᠬᠠᠶ᠋ᠢᠷ᠎ᠠ ᠬᠢᠵᠠᠭ᠋ᠠᠷᠯᠠᠰᠢ ᠦᠭᠡᠢ》 ᠭᠡᠬᠦ ᠣᠬᠣᠷ ᠹᠢᠯᠢᠮ᠎ᠢ ᠰᠣᠨᠢᠷᠬᠠᠵᠤ᠂ ᠥᠪᠥᠷ ᠮᠣᠩᠭᠣᠯ᠎ᠤᠨ ᠮᠠᠯᠴᠢᠨ ᠲᠦᠮᠡᠨ᠎ᠤ ᠬᠤᠪᠢ ᠨᠡᠮᠡᠷᠢ ᠪᠣᠯᠣᠨ ᠬᠠᠷᠢᠭᠤᠴᠠᠯᠭ᠎ᠠ ᠵᠢ ᠬᠠᠮᠲᠤᠪᠠᠷ ᠣᠢ᠌ᠯᠠᠭ᠋ᠠᠪᠠ᠃ ᠶᠠᠷᠢᠯᠴᠠᠬᠤ ᠬᠤᠷᠠᠯ᠎ᠨᠢ 《ᠲᠢᠶᠠᠨ ᠠᠨ ᠮᠧᠨ》 ᠪᠣᠯᠣᠨ 《ᠤᠷᠳᠤ ᠴᠠᠭ᠋ᠠᠨ ᠬᠡᠷᠡᠮ》᠎ᠤᠨ ᠡᠪᠯᠡᠯ᠎ᠤᠨ ᠪᠠᠢ᠌ᠭᠤᠯᠤᠯᠲᠠ ᠵᠢᠨ ᠠᠵᠢᠯᠯᠠᠭ᠎ᠠ ᠳᠤᠮᠳᠠ ᠲᠡᠭᠦᠰᠴᠦ᠂ ᠲᠥᠪ᠎ᠤᠨ ᠵᠠᠯᠠᠭᠤ ᠺᠠᠳ᠋ᠷᠴᠤᠳ᠎ᠤᠨ ᠬᠠᠷᠢᠭᠤᠴᠠᠯᠭ᠎ᠠ ᠵᠢᠨ ᠤᠬᠠᠮᠰᠠᠷ ᠪᠣᠯᠣᠨ ᠪᠦᠯᠬᠦᠮ ᠨᠠᠢ᠌ᠳᠠ ᠵᠢᠨ ᠬᠠᠮᠲᠤᠷᠠᠯᠴᠠᠭ᠋ᠠᠨ᠎ᠤ ᠵᠣᠷᠢᠭ ᠰᠠᠨᠠᠭ᠎ᠠ ᠵᠢ ᠬᠥᠮᠥᠵᠢᠭᠦᠯᠵᠦ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠤᠬᠠᠮᠰᠠᠷ᠎ᠢ ᠪᠠᠲᠤ ᠪᠤᠢ ᠪᠣᠯᠭ᠋ᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠦᠵᠡᠭᠦᠯᠬᠦ ᠲᠥᠪ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠵᠢᠨ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠪᠤᠭᠤᠲᠤ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠢ᠌ᠴᠠᠭ᠋ᠠᠬᠤ ᠠᠵᠢᠯ ᠥᠷᠨᠢᠭᠦᠯᠵᠡᠢ
ᠳᠤᠤᠭ᠋ᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠬᠠᠮᠲᠤ᠎ᠪᠠᠷ ᠠᠬᠢᠭᠤᠯᠤᠨ᠎ᠠ — ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠵᠢᠷᠭᠤᠳᠤᠭ᠋ᠠᠷ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠯᠦᠭᠡ ᠭᠣᠣᠯ ᠰᠡᠳᠦᠪᠲᠦ ᠬᠠᠮᠲᠤᠷᠠᠭᠰᠠᠨ ᠨᠠᠮ᠎ᠤᠨ ᠡᠳᠦᠷ᠎ᠤᠨ  ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠸᠢᠳᠢᠤ᠋ ᠪᠤᠯᠪᠠᠰᠤᠷᠠᠯ᠎ᠤᠨ ᠬᠤᠷᠠᠯ᠎ᠳᠤ ᠣᠷᠣᠯᠴᠠᠪᠠ
 
             蒙ICP备05000248号