5 ᠰᠠᠷ᠎ᠠ ᠵᠢᠨ 15᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠪᠥᠬᠥ ᠨᠠᠮ᠎ᠤᠨ ᠭᠡᠰᠢᠭᠦᠨ ᠺᠠᠳ᠋ᠷ ᠠᠵᠢᠯᠲᠠᠨ᠎ᠢ ᠵᠣᠬᠢᠶᠠᠨ ᠪᠠᠢ᠌ᠭᠤᠯᠤᠨ ᠭᠣᠣᠯ ᠰᠡᠳᠦᠪᠲᠦ ᠬᠥᠮᠦᠵᠢᠯ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ ᠥᠷᠨᠢᠭᠦᠯᠵᠦ᠂ ᠨᠠᠮ᠎ᠤᠨ ᠡᠭᠦᠷ᠎ᠤᠨ ᠱᠦᠵᠢ ᠴᠧᠨ ᠢᠦᠢ ᠨᠥᠬᠥᠷ ᠰᠤᠷᠤᠯᠴᠠᠯᠭ᠎ᠠ ᠵᠢᠨ ᠬᠤᠷᠠᠯ᠎ᠢ ᠡᠷᠭᠢᠯᠡᠪᠡ᠃
ᠬᠤᠷᠠᠯ᠎ᠠᠴᠠ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠲᠤᠰᠬᠠᠢ ᠰᠡᠳᠦᠪ᠎ᠤᠨ ᠲᠣᠪᠴᠢᠯᠠᠯ》 《ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠢᠨᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ ᠂ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠶ᠎ᠠ》 《ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ᠎ᠨᠢ》 《ᠳᠤᠮᠳᠠᠳᠤ ᠤᠯᠤᠰ᠎ᠤᠨ ᠬᠤᠪᠢᠰᠬᠠᠯ᠎ᠤᠨ ᠲᠡᠦᠬᠡ ᠪᠣᠯ ᠬᠠᠮᠤᠭ᠎ᠤᠨ ᠰᠠᠢ᠍ᠢ᠍ᠨ ᠰᠢᠮ᠎ᠡ ᠲᠡᠵᠢᠭᠡᠯ᠎ᠤᠨ ᠡᠮ ᠮᠥᠨ》 ᠵᠢᠴᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠤᠨ ᠠᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ ᠪᠣᠯᠣᠨ ᠲᠥᠷᠥ ᠵᠢᠨ ᠪᠠᠢ᠌ᠭᠤᠯᠭ᠎ᠠ ᠵᠢᠨ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠳᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢᠨ ᠠᠵᠢᠯ᠎ᠤᠨ ᠳᠦᠷᠢᠮ》 《ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠣᠭᠲᠠᠭ᠋ᠠᠯ》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠬᠡᠰᠡᠭᠯᠡᠯ᠎ᠢ ᠭᠣᠣᠯᠳᠠᠯᠭ᠎ᠠ᠎ᠲᠠᠢ ᠰᠤᠷᠤᠯᠴᠠᠪᠠ᠃
ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠤᠨ ᠪᠠᠢ᠌ᠴᠠᠭ᠋ᠠᠨ ᠰᠤᠳᠤᠯᠤᠯᠲᠠ ᠬᠢᠵᠦ ᠰᠤᠷᠤᠯᠴᠠᠯᠭ᠎ᠠ᠎ᠪᠠᠷ ᠣᠶᠤᠨ ᠤᠬᠠᠭ᠋ᠠᠨ ᠵᠶ᠋ᠠᠨ ᠨᠡᠮᠡᠭᠳᠡᠭᠦᠯᠵᠦ᠂ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠳᠠᠬᠢ ᠤᠰᠤ᠂ ᠬᠡᠢ᠎ᠳᠤ ᠬᠣᠯᠪᠣᠭᠳᠠᠭᠰᠠᠨ ᠵᠢᠴᠢ ᠨᠤᠲᠤᠭ ᠪᠡᠯᠴᠢᠭᠡᠷ᠎ᠤᠨ ᠠᠮᠢ ᠠᠬᠤᠢ ᠵᠢᠨ ᠳᠦᠷᠦᠯ᠎ᠤᠨ 3 ᠵᠦᠢ᠍ᠯ᠎ᠤᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠰᠣᠩᠭᠣᠵᠤ᠂ ᠡᠭᠦᠷᠭᠡ ᠵᠢᠨ ᠢᠷᠡᠯᠲᠡ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠭᠠᠷ ᠤᠷᠠᠯᠠᠯ᠎ᠤᠨ ᠶᠠᠪᠤᠴᠠ᠂ ᠪᠣᠬᠢᠷᠲᠤᠯ ᠪᠣᠳᠠᠰ᠎ᠤᠨ ᠡᠭᠦᠰᠦᠯᠲᠡ ᠵᠢᠴᠢ ᠪᠣᠬᠢᠷᠲᠤᠯ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠲᠤᠰ ᠲᠤᠰ ᠵᠠᠳᠠᠯᠤᠨ ᠰᠢᠨᠵᠢᠯᠡᠵᠦ ᠰᠤᠳᠤᠯᠤᠨ ᠶᠠᠷᠢᠯᠴᠠᠪᠠ ᠃
ᠬᠤᠷᠠᠯ᠎ᠠᠴᠠ᠂ ᠪᠦᠬᠦ ᠨᠠᠮ᠎ᠤᠨ ᠭᠡᠰᠢᠭᠦᠨ ᠺᠠᠳ᠋ᠷ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠰᠤᠷᠤᠯᠴᠠᠬᠤ ᠵᠢ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠲᠠᠢ ᠤᠶᠠᠯᠳᠤᠭᠤᠯᠵᠤ᠂ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠷᠡᠰ ᠪᠠᠲᠤ ᠬᠦᠰᠡᠯᠡᠩ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠠ ᠦᠢ᠍ᠯᠡᠳᠦᠯᠭᠡ ᠵᠢ ᠵᠢᠯᠤᠭᠣᠳᠬᠤ᠂ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠴᠢᠳᠠᠪᠤᠷᠢ᠎ᠪᠠᠨ ᠦᠨᠡᠨᠬᠦ ᠳᠡᠭᠡᠭᠰᠢᠯᠡᠭᠦᠯᠵᠦ᠂ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠴᠢᠨᠠᠭᠰᠢᠳᠠ ᠠᠬᠢᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠎ᠳᠤ ᠬᠦᠴᠦᠨ ᠨᠡᠮᠡᠷᠢᠯᠡᠬᠦ ᠭᠡᠷᠡᠭᠳᠡᠢ ᠭᠡᠵᠦ ᠴᠢᠬᠤᠯᠠᠴᠢᠯᠠᠪᠠ᠃