ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠬᠥᠯᠥᠨ ᠪᠣᠢ᠌ᠷ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-10-30

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 9 ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠬᠥᠯᠥᠨ ᠪᠣᠢ᠌ᠷ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠹᠧᠩ ᠢᠦᠢ ᠵᠧᠨ᠂ ᠳᠡᠳ᠋ ᠳᠤᠭᠤᠢ᠌ᠯᠠᠩ᠎ᠤᠨ ᠳᠠᠷᠤᠭ᠎ᠠ ᠦ᠋ ᠴᠢᠶᠠᠩ ᠲᠤᠰ ᠲᠤᠰ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠶᠠᠷᠢᠶ᠎ᠠ ᠲᠠᠯᠪᠢᠵᠤ᠂ ᠬᠥᠯᠥᠨ ᠪᠣᠢ᠌ᠷ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ ᠭᠤᠤ ᠷᠦᠨ ᠰᠢ ᠣᠷᠣᠵᠤ ᠰᠠᠭᠤᠬᠤ ᠳᠠᠢ᠌ᠴᠢᠯᠠᠯᠲᠠ ᠬᠢᠵᠡᠢ᠃

      ᠹᠧᠩ ᠢᠦᠢ ᠵᠧᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠪᠣᠯ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠤᠬᠠᠭ᠋ᠠᠯᠠᠵᠤ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠨᠠᠮ ᠪᠠ ᠤᠯᠤᠰ᠎ᠤᠨ ᠴᠢᠬᠤᠯᠠ ᠶᠡᠬᠡ ᠪᠠᠢ᠌ᠭᠤᠯᠤᠯ᠎ᠤᠨ ᠰᠢᠨ᠎ᠡ ᠡᠭᠦᠳᠦᠯᠲᠡ ᠪᠠ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠮᠥᠨ᠂ ᠶᠡᠷᠦᠩᠬᠡᠢ ᠱᠦᠵᠢ ᠰᠢ ᠵᠢᠨ ᠫᠢᠩ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠬᠦᠴᠦᠲᠡᠢ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠨᠥᠬᠥᠪᠦᠷᠢ ᠪᠠ ᠦᠷᠭᠦᠯᠵᠢᠯᠡᠯ ᠪᠣᠯᠤᠭᠰᠠᠨ᠎ᠤ ᠬᠤᠪᠢ᠎ᠳᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠠᠲᠠᠭᠤ ᠠᠷᠭ᠎ᠠ ᠪᠣᠳᠠᠲᠠᠢ ᠠᠷᠭ᠎ᠠ ᠪᠣᠯᠬᠤ ᠪᠥᠭᠡᠳ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠣᠨ᠎ᠠ᠃ ᠹᠧᠩ ᠢᠦᠢ ᠵᠧᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢ ᠰᠠᠶ᠋ᠢᠲᠤᠷ ᠬᠢᠬᠦ᠎ᠳᠤ᠂ ᠡᠷᠬᠡᠪᠰᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠲᠣᠭᠲᠠᠭᠤᠨ᠎ᠤ ᠳᠤᠮᠳᠠ ᠤᠷᠤᠭᠰᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠ᠎ᠳᠤᠨᠢ ᠬᠠᠷᠠᠭ᠋ᠠᠯᠵᠠᠬᠤ ᠵᠢ ᠪᠠᠷᠢᠮᠲᠠᠯᠠᠵᠤ᠂ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠬᠤ ᠴᠢᠭᠯᠡᠯ ᠪᠣᠯᠣᠨ ᠭᠣᠣᠯᠳᠠᠯᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ᠃ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠲᠤᠰ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠬᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ ᠬᠣᠣᠰ ᠬᠠᠷᠢᠭᠤᠴᠠᠯᠭ᠎ᠠ᠎ᠲᠠᠢ ᠪᠠᠢ᠌ᠬᠤ ᠵᠢ ᠠᠬᠢᠭᠤᠯᠵᠤ ᠪᠠᠢ᠌ᠭ᠎ᠠ ᠪᠠᠶ᠋ᠢᠳᠠᠯ; ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ᠂ ᠲᠥᠪ᠎ᠤᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠵᠢᠭᠦᠯᠦᠨ ᠰᠢᠢ᠍ᠳᠪᠦᠷᠢᠯᠡᠭᠦᠯᠦᠭᠰᠡᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ ᠵᠢᠴᠢ ᠳᠡᠭᠡᠷ᠎ᠡ ᠨᠢᠭᠡ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠪᠠ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠳᠦᠷᠢᠮ᠂ ᠪᠠᠷᠢᠮᠵᠢᠶ᠎ᠠ ᠵᠢᠨ ᠵᠢᠷᠤᠮᠵᠢᠯ᠂ ᠲᠥᠯᠦᠪᠵᠢᠭᠦᠯᠭᠡ ᠲᠥᠯᠥᠪᠯᠡᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ; ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ ᠪᠣᠯᠣᠨ ᠠᠷᠠᠳ ᠤᠯᠠᠨ᠎ᠤ ᠲᠤᠰᠬᠠᠭᠰᠠᠨ ᠠᠮᠢ ᠠᠬᠤᠢ ᠵᠢᠨ ᠣᠷᠴᠢᠨ ᠲᠣᠭᠣᠷᠢᠨ᠎ᠤ ᠠᠰᠠᠭᠤᠳᠠᠯ᠎ᠢ ᠲᠡᠷᠡ ᠳᠠᠷᠤᠢ᠎ᠳᠤᠨᠢ ᠬᠡᠷᠡᠭᠵᠢᠭᠦᠯᠵᠦ ᠲᠡᠷᠡ ᠳᠠᠷᠤᠢ᠎ᠳᠤᠨᠢ ᠥᠭᠡᠷᠡᠴᠢᠯᠡᠭᠰᠡᠨ ᠪᠠᠶ᠋ᠢᠳᠠᠯ ᠵᠡᠷᠭᠡ ᠵᠢ ᠳᠤᠪᠤᠢ᠍ᠢ᠍ᠯᠭ᠋ᠠᠨ᠎ᠠ ᠭᠡᠵᠦ ᠵᠢᠭ᠋ᠠᠵᠤ ᠭᠠᠷᠭ᠋ᠠᠪᠠ᠃ ᠭᠣᠣ ᠷᠦᠨ ᠰᠢ᠂ ᠪᠦᠬᠦ ᠬᠣᠲᠠ᠎ᠪᠠᠷ ᠵᠶ᠋ᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠵᠤ᠂ ᠪᠦᠬᠦ ᠬᠦᠴᠦᠨ ᠵᠶ᠋ᠡᠷ ᠵᠶ᠋ᠡᠨ ᠳᠡᠮᠵᠢᠨ ᠬᠠᠮᠵᠢᠯᠴᠠᠵᠤ᠂ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠬᠤᠯᠠᠴᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠣᠷᠣᠵᠤ ᠰᠠᠭᠤᠬᠤ ᠠᠵᠢᠯ᠎ᠤᠨ ᠲᠣᠬᠢᠷᠠᠭᠤᠯᠤᠯᠲᠠ ᠵᠢ ᠴᠢᠩᠭ᠎ᠠ ᠵᠢᠷᠤᠮᠯᠠᠨ᠂ ᠪᠠᠶ᠋ᠢᠳᠠᠯ᠎ᠢ ᠲᠠᠨᠢᠯᠴᠠᠭᠤᠯᠬᠤ᠂ ᠮᠠᠲ᠋ᠧᠷᠢᠶᠠᠯ ᠬᠠᠩᠭ᠋ᠠᠬᠤ᠂ ᠵᠣᠬᠢᠴᠠᠭᠤᠯᠤᠨ ᠦᠢ᠍ᠯᠡᠴᠢᠯᠡᠬᠦ᠂ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠡᠷᠭᠡ ᠠᠵᠢᠯ᠎ᠢ ᠦᠨᠡᠨᠬᠦ ᠰᠠᠶ᠋ᠢᠲᠤᠷ ᠬᠢᠵᠦ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠬᠦᠴᠦᠲᠡᠢ ᠪᠠᠲᠤᠯᠠᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠠᠢ᠌ᠭᠤᠯᠤᠯᠲᠠ ᠵᠢᠨ ᠬᠥᠯᠥᠨ ᠪᠣᠢ᠌ᠷ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ ᠭᠡᠪᠡ᠃ ᠬᠤᠷᠠᠯ ᠳᠡᠭᠡᠷ᠎ᠡ᠂ ᠦ᠋ ᠴᠢᠶᠠᠩ ᠱᠠᠯᠠᠪᠳᠠᠭᠤᠯᠤᠨ ᠪᠠᠢ᠌ᠴᠠᠭ᠋ᠠᠵᠤ ᠬᠠᠮᠵᠢᠯᠴᠠᠬᠤ᠂ ᠱᠠᠯᠠᠪᠳᠠᠭᠤᠯᠤᠨ ᠪᠠᠢ᠌ᠴᠠᠭ᠋ᠠᠬᠤ ᠵᠢᠨ ᠳᠠᠭ᠋ᠠᠤ ᠬᠠᠯᠠᠨ ᠰᠠᠢ᠌ᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠱᠠᠯᠠᠪᠳᠠᠭᠤᠯᠤᠨ ᠪᠠᠢ᠌ᠴᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠪᠦᠷᠢᠯᠳᠦᠬᠦᠨ᠎ᠤ ᠱᠠᠯᠠᠪᠳᠠᠭᠤᠯᠤᠨ ᠪᠠᠢ᠌ᠴᠠᠭ᠋ᠠᠬᠤ ᠰᠠᠬᠢᠯᠭ᠎ᠠ ᠪᠠᠲᠤ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ᠂ ᠱᠠᠯᠠᠪᠳᠠᠭᠤᠯᠤᠨ ᠪᠠᠢ᠌ᠴᠠᠭ᠋ᠠᠭᠳᠠᠵᠤ ᠪᠠᠢ᠌ᠭ᠎ᠠ ᠭᠠᠵᠠᠷ ᠣᠷᠣᠨ ᠪᠣᠯᠣᠨ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠲᠤᠬᠠᠢ ᠣᠪᠣᠷ ᠵᠶ᠋ᠠᠨ ᠢᠯᠡᠳᠬᠡᠵᠡᠢ᠃ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠣᠷᠣᠵᠤ ᠰᠠᠭᠤᠬᠤ ᠴᠠᠭ᠎ᠨᠢ 25 ᠡᠳᠦᠷ ᠪᠣᠯᠣᠨ᠎ᠠ᠃ ᠣᠷᠣᠵᠤ ᠰᠠᠭᠤᠬᠤ ᠬᠤᠭᠤᠴᠠᠭ᠋ᠠᠨ᠎ᠳᠤ (2023 ᠣᠨ᠎ᠤ 9 ᠰᠠᠷ᠎ᠠ ᠵᠢᠨ 1᠎ᠤ ᠡᠳᠦᠷ  — 9 ᠰᠠᠷ᠎ᠠ ᠵᠢᠨ 25᠎ᠤ ᠡᠳᠦᠷ) ᠲᠤᠰᠬᠠᠢ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠤᠨ᠎ᠠ᠄ 0470— 8295058᠂ (ᠤᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠡᠳᠦᠷ ᠪᠦᠷᠢ ᠵᠢᠨ 8:00— 20:00)᠂ ᠲᠤᠰᠬᠠᠢ ᠰᠢᠤᠳᠠᠨ᠎ᠤ ᠬᠠᠢ᠌ᠷᠴᠠᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠣᠢ᠌ᠷ ᠬᠣᠲᠠ ᠵᠢᠨ ᠬᠠᠶ᠋ᠢᠯᠠᠷ ᠲᠣᠭᠣᠷᠢᠭ᠎ᠤᠨ A313 ᠳ᠋ᠤᠭ᠋ᠠᠷ ᠰᠢᠤᠳᠠᠨ᠎ᠤ ᠬᠠᠢ᠌ᠷᠴᠠᠭ᠂ ᠥᠪᠡᠷᠲᠡᠭᠡᠨ ᠵᠠᠰᠠᠬᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠪᠦᠷᠢᠯᠳᠦᠬᠦᠨ᠂ ᠬᠥᠯᠥᠨ ᠪᠣᠢ᠌ᠷ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠤ᠂ ᠡᠯ᠎ᠡ ᠬᠣᠰᠢᠭᠤ (ᠬᠣᠲᠠ᠂ ᠲᠣᠭᠣᠷᠢᠭ) ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠸᠢᠳᠢᠤ᠋ ᠬᠡᠯᠪᠡᠷᠢ᠎ᠪᠠᠷ ᠬᠤᠷᠠᠯ᠎ᠳᠤ ᠰᠤᠯᠠ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠬᠣᠶᠠᠳᠤᠭ᠋ᠠᠷ ᠡᠭᠡᠯᠵᠢ ᠵᠢᠨ ᠲᠦᠷᠦᠬᠦᠦ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠣᠷᠣᠵᠤ ᠰᠠᠭᠤᠨ ᠮᠡᠷᠭᠡᠵᠢᠯ᠎ᠤᠨ ᠳᠡᠮᠵᠢᠯᠭᠡ ᠦᠵᠡᠭᠦᠯᠬᠦ ᠠᠵᠢᠯ᠎ᠢ ᠤᠷᠤᠭᠰᠢᠲᠠᠢ ᠪᠡᠶᠡᠯᠡᠭᠦᠯᠪᠡ
ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠭᠠᠵᠠᠷ ᠵᠦᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠵᠥᠭᠡᠯᠡᠨ ᠲᠣᠨᠣᠭ᠎ᠤᠨ ᠬᠡᠷᠡᠭᠯᠡᠯᠲᠡ ᠵᠢᠴᠢ ᠮᠠᠯ ᠪᠡᠯᠴᠢᠭᠡᠷ᠎ᠤᠨ ᠲᠡᠩᠴᠡᠭᠦᠷᠢ ᠵᠢᠨ ᠲᠣᠭ᠋ᠠᠴᠠᠭ᠎ᠠ ᠬᠢᠬᠦ ᠪᠣᠯᠪᠠᠰᠤᠷᠠᠯ᠎ᠤᠨ ᠲᠠᠢ᠌ᠯᠤᠮᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠯᠠᠭᠤᠴᠤᠳ᠎ᠤᠨ ᠠᠵᠢᠯ᠎ᠤᠨ ᠵᠥᠪᠯᠡᠯ 《ᠴᠤᠴᠠᠰᠢ ᠦᠭᠡᠢ ᠴᠢᠷᠮᠠᠢ᠌ᠨ ᠰᠢᠨ᠎ᠡ ᠠᠶᠠᠨ᠎ᠳᠤ ᠮᠣᠷᠳᠠᠬᠤ》 ᠰᠢᠷᠢᠰ ᠭᠣᠣᠯ ᠰᠡᠳᠦᠪᠲᠦ ᠡᠪᠯᠡᠯ᠎ᠤᠨ ᠪᠠᠢ᠌ᠭᠤᠯᠤᠯᠲᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号