3 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ ᠪᠠ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠎ᠤᠨ ᠬᠤᠷᠠᠯᠳᠤᠭᠤᠯᠤᠭᠰᠠᠨ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 (ᠳᠣᠷᠣᠭᠰᠢ 《ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠭᠡᠵᠦ ᠲᠣᠪᠴᠢᠯᠠᠨ᠎ᠠ) ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠸᠢᠳᠢᠤ᠋ ᠪᠤᠯᠪᠠᠰᠤᠷᠠᠯ᠎ᠤᠨ ᠬᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠎ᠠᠴᠠ 2022 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠶᠡᠷᠦᠩᠬᠡᠢ᠎ᠳᠡᠭᠡᠨ ᠪᠡᠶᠡᠯᠡᠭᠦᠯᠦᠭᠰᠡᠨ ᠪᠠᠶ᠋ᠢᠳᠠᠯ᠎ᠢ ᠨᠡᠢ᠌ᠲᠡᠯᠡᠵᠡᠢ᠃ 《ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢ ᠲᠣᠭᠲᠠᠭ᠋ᠠᠭᠰᠠᠨ ᠲᠡᠦᠬᠡᠨ ᠠᠬᠤᠢ ᠪᠠᠶ᠋ᠢᠳᠠᠯ ᠵᠢᠴᠢ ᠡᠯ᠎ᠡ ᠮᠤᠵᠢ (ᠣᠷᠣᠨ᠂ ᠬᠣᠲᠠ) ᠵᠢᠨ ᠨᠡᠢ᠌ᠲᠡᠯᠡᠭᠰᠡᠨ ᠵᠣᠬᠢᠴᠠᠩᠭᠤᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢᠨ ᠪᠢᠴᠢᠭ ᠮᠠᠲ᠋ᠧᠷᠢᠶᠠᠯ᠎ᠤᠨ ᠪᠠᠶ᠋ᠢᠳᠠᠯ᠎ᠢ ᠨᠠᠷᠢᠨ ᠲᠠᠨᠢᠯᠴᠠᠭᠤᠯᠵᠤ᠂ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠶᠠᠪᠤᠴᠠ᠎ᠳᠠᠬᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠴᠡᠭᠴᠡᠯᠡᠨ ᠰᠠᠢ᠌ᠵᠢᠷᠠᠭᠤᠯᠬᠤ ᠲᠥᠰᠥᠯ᠎ᠢ ᠨᠠᠢ᠌ᠷᠠᠭᠤᠯᠤᠨ ᠵᠣᠬᠢᠶᠠᠬᠤ᠂ ᠰᠢᠯᠭ᠋ᠠᠨ ᠬᠤᠷᠢᠶᠠᠵᠤ ᠳ᠋ᠤᠭ᠋ᠠᠷ ᠬᠠᠰᠤᠬᠤ ᠰᠠᠨᠠᠯ᠎ᠢ ᠬᠢᠨᠠᠨ ᠬᠠᠷᠭᠤᠭᠤᠯᠵᠤ ᠵᠠᠷᠯᠠᠨ ᠨᠡᠢ᠌ᠲᠡᠯᠡᠬᠦ᠂ ᠬᠢᠨᠠᠯᠲᠠ ᠲᠠᠯᠪᠢᠵᠤ ᠪᠠᠲᠤᠯᠠᠬᠤ᠂ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢᠴᠢ ᠣᠷᠣᠰᠢᠵᠤ ᠪᠠᠢ᠌ᠭ᠎ᠠ ᠲᠦᠭᠡᠮᠡᠯ ᠠᠰᠠᠭᠤᠳᠠᠯ ᠵᠡᠷᠭᠡ ᠵᠢᠨ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠭᠦᠨᠵᠡᠭᠡᠢ ᠰᠣᠯᠢᠯᠴᠠᠨ ᠰᠤᠷᠤᠯᠴᠠᠪᠠ᠃
ᠲᠣᠰ ᠤᠳᠠᠭ᠋ᠠᠨ᠎ᠤ ᠪᠤᠯᠪᠠᠰᠤᠷᠠᠯ᠎ᠤᠨ ᠠᠭᠤᠯᠭ᠎ᠠ᠎ᠨᠢ ᠨᠠᠷᠢᠨ ᠪᠣᠳᠠᠲᠠᠢ᠂ ᠭᠣᠣᠯᠳᠠᠯᠭ᠎ᠠ᠎ᠨᠢ ᠲᠣᠳᠣᠷᠬᠠᠢ᠂ ᠭᠦᠨᠵᠡᠭᠡᠢ ᠪᠥᠭᠡᠳ ᠣᠢ᠌ᠯᠠᠭ᠋ᠠᠮᠵᠢᠲᠠᠢ ᠪᠠᠢ᠌ᠵᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠᠶ᠋ᠢᠬᠤ ᠮᠥᠷᠲᠡᠭᠡᠨ ᠪᠠᠰᠠ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ ᠪᠠᠶ᠋ᠢᠬᠤ ᠤᠴᠢᠷ᠎ᠠᠴᠠ ᠮᠠᠨ᠎ᠤ ᠣᠷᠣᠨ᠎ᠤ ᠬᠠᠤᠯᠢ ᠲᠣᠭᠲᠠᠭ᠋ᠠᠯ ᠶᠣᠰᠣᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠵᠢᠷᠤᠮᠵᠢᠭᠤᠯᠤᠨ ᠵᠢᠯᠤᠭᠣᠳᠬᠤ᠎ᠳᠤ ᠲᠤᠢ᠌ᠯ᠎ᠤᠨ ᠢᠳᠡᠪᠬᠢᠲᠡᠢ ᠪᠣᠳᠠᠲᠤ ᠠᠴᠢ ᠬᠣᠯᠪᠣᠭᠳᠠᠯ᠎ᠲᠠᠢ ᠶᠤᠮ᠃ ᠲᠣᠰ ᠤᠳᠠᠭ᠋ᠠᠨ᠎ᠤ 《ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢ ᠭᠦᠨᠵᠡᠭᠡᠢ ᠰᠤᠷᠤᠯᠴᠠᠬᠤ᠎ᠪᠠᠷ ᠳᠡᠮᠵᠢᠨ᠂ ᠪᠢᠳᠡ ᠡᠷᠬᠡᠪᠰᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠠᠶ᠋ᠢᠮᠠᠭ ᠬᠣᠲᠠ ᠵᠢᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠨᠠᠷᠢᠨ ᠨᠢᠮᠪᠠᠢ ᠠᠬᠢᠭᠤᠯᠵᠤ᠂ 《ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢ ᠴᠢᠩᠭ᠎ᠠ ᠵᠢᠷᠤᠮᠯᠠᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢᠨ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠪᠦᠲᠦᠮᠵᠢᠲᠡᠢ᠎ᠪᠠᠷ ᠱᠠᠯᠠᠪᠳᠠᠭᠤᠯᠤᠨ ᠰᠢᠢ᠍ᠳᠪᠦᠷᠢᠯᠡᠵᠦ ᠬᠠᠷᠭᠤᠭᠤᠯᠤᠨ ᠪᠠᠢ᠌ᠴᠠᠭ᠋ᠠᠵᠤ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠡᠭᠦᠷᠭᠡ ᠴᠢᠳᠠᠪᠤᠷᠢ ᠪᠠ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠬᠦ ᠭᠡᠷᠡᠭᠳᠡᠢ᠃