ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 9 ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠲᠦᠩᠯᠢᠶᠣᠣ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠤᠤ ᠵᠢᠶᠠᠩ ᠲᠤᠤ᠂ ᠳᠡᠳ᠋ ᠳᠤᠭᠤᠢ᠌ᠯᠠᠩ᠎ᠤᠨ ᠳᠠᠷᠤᠭ᠎ᠠ ᠬᠤᠤ ᠴᠢᠩ ᠸᠸᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠲᠤᠰ ᠲᠤᠰ ᠶᠠᠷᠢᠶ᠎ᠠ ᠲᠠᠯᠪᠢᠵᠤ᠂ ᠲᠦᠩᠯᠢᠶᠣᠣ ᠬᠤᠳᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠴᠢ · ᠳᠠᠯᠠᠨᠲᠠᠢ ᠣᠷᠣᠵᠤ ᠰᠠᠭᠤᠬᠤ ᠳᠠᠢ᠌ᠴᠢᠯᠠᠯᠲᠠ ᠬᠢᠵᠡᠢ᠃
ᠵᠤᠤ ᠵᠢᠶᠠᠩ ᠲᠤᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠪᠣᠯ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠨᠠᠮ ᠪᠣᠯᠣᠨ ᠤᠯᠤᠰ᠎ᠤᠨ ᠴᠢᠬᠤᠯᠠ ᠶᠡᠬᠡ ᠪᠠᠢ᠌ᠭᠤᠯᠤᠮᠵᠢ ᠵᠢᠨ ᠰᠢᠨ᠎ᠡ ᠡᠭᠦᠳᠦᠯᠲᠡ ᠪᠣᠯᠣᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠣᠨ᠎ᠠ᠂ ᠶᠡᠷᠦᠩᠬᠡᠢ ᠱᠦᠵᠢ ᠰᠢ ᠵᠢᠨ ᠫᠢᠩ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠨᠥᠬᠥᠪᠦᠷᠢ ᠪᠠ ᠦᠷᠭᠦᠯᠵᠢᠯᠡᠯ ᠪᠣᠯᠤᠭᠰᠠᠨ᠎ᠤ ᠬᠤᠪᠢ᠎ᠳᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠠᠲᠠᠭᠤ ᠠᠷᠭ᠎ᠠ ᠪᠣᠳᠠᠲᠠᠢ ᠠᠷᠭ᠎ᠠ ᠪᠣᠯᠣᠨ᠎ᠠ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠦᠴᠦᠨ ᠪᠦᠬᠦᠢ ᠪᠠᠲᠤᠯᠠᠭ᠎ᠠ ᠪᠣᠯᠣᠨ᠎ᠠ᠃
ᠵᠤᠤ ᠵᠢᠶᠠᠩ ᠲᠤᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢ ᠰᠠᠶ᠋ᠢᠲᠤᠷ ᠬᠢᠬᠦ᠎ᠳᠤ᠂ ᠡᠷᠬᠡᠪᠰᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠲᠣᠭᠲᠠᠭᠤᠨ᠎ᠤ ᠳᠤᠮᠳᠠ ᠤᠷᠤᠭᠰᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠ᠎ᠳᠤᠨᠢ ᠬᠠᠷᠠᠭ᠋ᠠᠯᠵᠠᠬᠤ ᠵᠢ ᠪᠠᠷᠢᠮᠲᠠᠯᠠᠵᠤ᠂ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠬᠤ ᠴᠢᠭᠯᠡᠯ ᠪᠣᠯᠣᠨ ᠭᠣᠣᠯᠳᠠᠯᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ᠃ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠲᠤᠰ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠬᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ ᠬᠣᠣᠰ ᠬᠠᠷᠢᠭᠤᠴᠠᠯᠭ᠎ᠠ᠎ᠲᠠᠢ ᠪᠠᠢ᠌ᠬᠤ ᠵᠢ ᠠᠬᠢᠭᠤᠯᠵᠤ ᠪᠠᠢ᠌ᠭ᠎ᠠ ᠪᠠᠶ᠋ᠢᠳᠠᠯ; ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ᠂ ᠲᠥᠪ᠎ᠤᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠵᠢᠭᠦᠯᠦᠨ ᠰᠢᠢ᠍ᠳᠪᠦᠷᠢᠯᠡᠭᠦᠯᠦᠭᠰᠡᠨ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ ᠵᠢᠴᠢ ᠳᠡᠭᠡᠷ᠎ᠡ ᠨᠢᠭᠡ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠪᠠ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠯ᠎ᠤᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠳᠦᠷᠢᠮ᠂ ᠪᠠᠷᠢᠮᠵᠢᠶ᠎ᠠ ᠵᠢᠨ ᠵᠢᠷᠤᠮᠵᠢᠯ᠂ ᠲᠥᠯᠦᠪᠵᠢᠭᠦᠯᠭᠡ ᠲᠥᠯᠥᠪᠯᠡᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ; ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ ᠪᠣᠯᠣᠨ ᠠᠷᠠᠳ ᠤᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠲᠡᠷᠡ ᠳᠠᠷᠤᠢ᠎ᠳᠤ᠎ᠨᠢ ᠬᠡᠷᠡᠭᠵᠢᠭᠦᠯᠵᠦ ᠲᠡᠷᠡ ᠳᠠᠷᠤᠢ᠎ᠳᠤ᠎ᠨᠢ ᠥᠭᠡᠷᠡᠴᠢᠯᠡᠭᠰᠡᠨ ᠪᠠᠶ᠋ᠢᠳᠠᠯ ᠵᠡᠷᠭᠡ ᠵᠢ ᠲᠤᠪᠤᠢ᠌ᠯᠭ᠋ᠠᠬᠤ ᠭᠡᠷᠡᠭᠳᠡᠢ ᠭᠡᠵᠦ ᠴᠢᠬᠤᠯᠠᠴᠢᠯᠠᠪᠠ᠃
ᠴᠢ · ᠳᠠᠯᠠᠨᠲᠠᠢ᠂ ᠪᠦᠬᠦ ᠬᠣᠲᠠ ᠵᠢᠨ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠲᠤᠭᠤᠰᠢᠯᠠᠭᠤᠯᠵᠤ᠂ 《ᠬᠣᠶᠠᠷ᠎ᠢ ᠲᠣᠭᠲᠠᠭ᠋ᠠᠭᠰᠠᠨ》 ᠵᠢ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠳᠡᠭᠡᠳᠦ ᠬᠡᠮᠵᠢᠶᠡᠨ᠎ᠤ ᠥᠨᠳᠥᠷᠴᠡ᠎ᠳᠤ ᠵᠣᠭᠰᠣᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠳᠤ ᠬᠠᠮᠵᠢᠯᠴᠠᠬᠤ ᠤᠯᠤᠰ ᠲᠥᠷᠥ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠱᠠᠯᠠᠪᠳᠠᠭᠤᠯᠤᠨ ᠪᠠᠢ᠌ᠴᠠᠭ᠋ᠠᠯᠲᠠ᠎ᠳᠤ ᠬᠠᠮᠵᠢᠯᠴᠠᠬᠤ ᠶᠠᠪᠤᠴᠠ ᠵᠢ ᠠᠰᠠᠭᠤᠳᠠᠯ᠎ᠢ ᠢᠯᠡᠷᠡᠭᠦᠯᠦᠨ ᠰᠢᠢ᠍ᠳᠪᠦᠷᠢᠯᠡᠬᠦ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠪᠡᠬᠢᠵᠢᠭᠦᠯᠦᠨ ᠳᠡᠭᠡᠭᠰᠢᠯᠡᠭᠦᠯᠬᠦ ᠠᠬᠢᠴᠠ ᠪᠣᠯᠭ᠋ᠠᠨ ᠬᠤᠪᠢᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠣᠬᠢᠷᠠᠭᠤᠯᠭ᠎ᠠ ᠵᠢ ᠴᠢᠩᠭ᠎ᠠ ᠵᠢᠷᠤᠮᠯᠠᠨ᠂ ᠡᠯ᠎ᠡ ᠲᠠᠯ᠎ᠠ ᠵᠢᠨ᠎ᠬᠢᠨ᠎ᠤ ᠬᠠᠮᠵᠢᠯᠴᠠᠨ ᠪᠠᠲᠤᠯᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠰᠠᠶ᠋ᠢᠲᠤᠷ ᠬᠢᠵᠦ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠵᠤ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠤᠷᠤᠭᠰᠢᠲᠠᠢ ᠶᠠᠪᠤᠭᠳᠠᠬᠤ᠂ ᠭᠦᠨᠵᠡᠭᠡᠢ ᠥᠷᠨᠢᠬᠦ᠎ᠳᠤ ᠪᠦᠬᠦ ᠬᠦᠴᠦᠨ ᠵᠶ᠋ᠡᠷ ᠵᠶ᠋ᠡᠨ ᠦᠢ᠍ᠯᠡᠴᠢᠯᠡᠬᠦ ᠬᠡᠷᠡᠭᠲᠡᠢ᠃ ᠲᠤᠰ ᠤᠳᠠᠭ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ᠎ᠪᠠᠷ ᠴᠢᠬᠤᠯᠠ ᠠᠵᠠ ᠲᠣᠬᠢᠶᠠᠯ ᠪᠣᠯᠭ᠋ᠠᠵᠤ᠂ ᠤᠬᠠᠮᠰᠠᠷ᠎ᠠᠴᠠ᠎ᠪᠠᠨ ᠱᠠᠯᠠᠪᠳᠠᠭᠤᠯᠤᠨ ᠪᠠᠢ᠌ᠴᠠᠭ᠋ᠠᠭᠰᠠᠨ ᠦᠷ᠎ᠡ ᠪᠦᠲᠦᠭᠡᠯ᠎ᠢ ᠰᠠᠶ᠋ᠢᠲᠤᠷ ᠠᠰᠢᠭᠯᠠᠵᠤ᠂ ᠠᠰᠠᠭᠤᠳᠠᠯ᠎ᠢ ᠰᠢᠢ᠍ᠳᠪᠦᠷᠢᠯᠡᠬᠦ᠂ ᠬᠥᠭᠵᠢᠯᠲᠡ ᠵᠢ ᠠᠬᠢᠭᠤᠯᠬᠤ᠂ ᠲᠣᠭᠲᠠᠴᠠ ᠵᠢ ᠲᠡᠭᠦᠯᠳᠡᠷᠵᠢᠭᠦᠯᠬᠦ ᠲᠠᠯ᠎ᠠ᠎ᠪᠠᠷ ᠦᠷ᠎ᠡ ᠪᠦᠲᠦᠮᠵᠢ ᠣᠯᠵᠤ᠂ ᠲᠦᠩᠯᠢᠶᠣᠣ ᠬᠤᠳᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢᠨ ᠲᠠᠰᠤᠷᠠᠯᠳᠡ ᠦᠭᠡᠢ ᠰᠢᠨ᠎ᠡ ᠠᠯᠬᠤᠮ᠎ᠢ ᠠᠯᠬᠤᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠬᠤᠷᠠᠯ ᠳᠡᠭᠡᠷ᠎ᠡ᠂ ᠬᠤᠤ ᠴᠢᠩ ᠸᠸᠨ ᠱᠠᠯᠠᠪᠳᠠᠭᠤᠯᠤᠨ ᠪᠠᠢ᠌ᠴᠠᠭ᠋ᠠᠵᠤ ᠬᠠᠮᠵᠢᠯᠴᠠᠬᠤ᠂ ᠱᠠᠯᠠᠪᠳᠠᠭᠤᠯᠤᠨ ᠪᠠᠢ᠌ᠴᠠᠭ᠋ᠠᠬᠤ ᠵᠢᠨ ᠳᠠᠭ᠋ᠠᠤ ᠬᠠᠯᠠᠨ ᠰᠠᠢ᠌ᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠱᠠᠯᠠᠪᠳᠠᠭᠤᠯᠤᠨ ᠪᠠᠢ᠌ᠴᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠪᠦᠷᠢᠯᠳᠦᠬᠦᠨ᠎ᠤ ᠱᠠᠯᠠᠪᠳᠠᠭᠤᠯᠤᠨ ᠪᠠᠢ᠌ᠴᠠᠭ᠋ᠠᠬᠤ ᠰᠠᠬᠢᠯᠭ᠎ᠠ ᠪᠠᠲᠤ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ᠂ ᠱᠠᠯᠠᠪᠳᠠᠭᠤᠯᠤᠨ ᠪᠠᠢ᠌ᠴᠠᠭ᠋ᠠᠭᠳᠠᠵᠤ ᠪᠠᠢ᠌ᠭ᠎ᠠ ᠭᠠᠵᠠᠷ ᠣᠷᠣᠨ ᠪᠣᠯᠣᠨ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠲᠤᠬᠠᠢ ᠣᠪᠣᠷ ᠵᠶ᠋ᠠᠨ ᠢᠯᠡᠳᠬᠡᠵᠡᠢ᠃ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠱᠠᠯᠠᠪᠳᠠᠭᠤᠯᠤᠨ ᠪᠠᠢ᠌ᠴᠠᠭ᠋ᠠᠬᠤ ᠴᠠᠭ᠎ᠨᠢ 25 ᠡᠳᠦᠷ ᠪᠣᠯᠣᠨ᠎ᠠ᠃ ᠣᠷᠣᠵᠤ ᠰᠠᠭᠤᠬᠤ ᠬᠤᠭᠤᠴᠠᠭ᠋ᠠᠨ᠎ᠳᠤ (2023 ᠣᠨ᠎ᠤ 9 ᠰᠠᠷ᠎ᠠ ᠵᠢᠨ 1᠎ᠤ ᠡᠳᠦᠷ) ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠤᠨ᠎ᠠ᠄ 0475—8667007 (ᠤᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠡᠳᠦᠷ ᠪᠦᠷᠢ 8:00— 20:00)᠂ ᠲᠤᠰᠬᠠᠢ ᠰᠢᠤᠳᠠᠨ᠎ᠤ ᠬᠠᠢ᠌ᠷᠴᠠᠭ᠄ ᠥᠪᠥᠷ ᠮᠣᠩᠭᠣᠯ᠎ᠤᠨ ᠲᠦᠩᠯᠢᠶᠣᠣ ᠬᠣᠲᠠ ᠵᠢᠨ 0901 ᠳ᠋ᠦ᠍ᠭᠡᠷ ᠰᠢᠤᠳᠠᠨ᠎ᠤ ᠬᠠᠢ᠌ᠷᠴᠠᠭ᠂ ᠥᠪᠡᠷᠲᠡᠭᠡᠨ ᠵᠠᠰᠠᠬᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠪᠦᠷᠢᠯᠳᠦᠬᠦᠨ᠂ ᠲᠦᠩᠯᠢᠶᠣᠣ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠤ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠸᠢᠳᠢᠤ᠋ ᠬᠡᠯᠪᠡᠷᠢ᠎ᠪᠠᠷ ᠬᠤᠷᠠᠯ᠎ᠳᠤ ᠰᠤᠯᠠ ᠣᠷᠣᠯᠴᠠᠪᠠ᠃