ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠰᠠᠭᠤᠳᠠᠯ᠎ᠤᠨ ᠴᠡᠭᠴᠡᠯᠡᠨ ᠰᠠᠢ᠌ᠵᠢᠷᠠᠭᠤᠯᠤᠯᠲᠠ ᠵᠢ 2023 ᠣᠨ᠎ᠤ 3 ᠰᠠᠷ᠎ᠠ ᠵᠢᠨ 15᠎ᠤ ᠡᠳᠦᠷ᠎ᠠᠴᠠ 3 ᠰᠠᠷ᠎ᠠ ᠵᠢᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠳ᠋ᠦᠩ ᠯᠢᠨ ᠳᠤᠭᠤᠢ᠌ᠯᠠᠩ ᠬᠤᠪᠢᠶᠠᠨ ᠪᠤᠭᠤᠲᠤ ᠬᠤᠳᠠ᠎ᠳᠤ ᠬᠦᠷᠴᠦ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠢ᠌ᠴᠠᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠵᠢᠶᠠᠨ ᠵᠢᠶᠦ᠋ᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠎ᠤᠨ᠎ᠬᠢᠨ ᠪᠠᠷ᠎ᠠ ᠪᠣᠯᠵᠤ ᠪᠠᠢ᠌ᠴᠠᠭ᠋ᠠᠨ ᠰᠤᠳᠤᠯᠤᠯᠲᠠ ᠬᠢᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠠᠴᠠ ᠬᠥᠮᠥᠨ ᠲᠣᠮᠢᠯᠠᠨ ᠬᠠᠮᠵᠢᠯᠴᠠᠨ ᠠᠵᠢᠯ ᠥᠷᠨᠢᠭᠦᠯᠵᠡᠢ᠃
ᠪᠠᠢ᠌ᠴᠠᠭ᠋ᠠᠨ ᠰᠤᠳᠤᠯᠵᠤ ᠱᠠᠯᠠᠪᠳᠠᠭᠤᠯᠤᠨ ᠪᠠᠢ᠌ᠴᠠᠭ᠋ᠠᠬᠤ ᠬᠤᠭᠤᠴᠠᠭ᠋ᠠᠨ᠎ᠳᠤ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠲᠤ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠲᠠᠢ ᠶᠠᠷᠢᠯᠴᠠᠬᠤ ᠬᠤᠷᠠᠯ ᠬᠢᠵᠦ᠂ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠠᠬᠢᠴᠠ ᠵᠢᠴᠢ ᠪᠡᠶᠡᠯᠡᠭᠦᠯᠦᠭᠰᠡᠨ ᠪᠠᠶ᠋ᠢᠳᠠᠯ᠎ᠢ ᠣᠢ᠌ᠯᠠᠭ᠋ᠠᠵᠤ᠂ ᠬᠣᠯᠪᠣᠭᠳᠠᠯ ᠪᠦᠬᠦᠢ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠸᠧᠢ ᠯᠢᠦᠢ ᠢᠨᠵᠧᠨᠧᠷᠢᠩ ᠵᠡᠷᠭᠡ 10 ᠭᠠᠷᠤᠢ ᠭᠣᠣᠯᠳᠠᠯᠭ᠎ᠠ᠎ᠲᠠᠢ ᠨᠢᠭᠡᠴᠢ ᠪᠣᠯᠣᠨ ᠪᠣᠳᠠᠲᠠᠢ ᠭᠠᠵᠠᠷ᠎ᠲᠤ ᠭᠦᠨᠵᠡᠭᠡᠢ᠌ᠷᠡᠨ ᠬᠠᠷᠭᠤᠭᠤᠯᠤᠨ ᠪᠠᠢ᠌ᠴᠠᠭ᠋ᠠᠬᠤ ᠵᠢᠨ ᠬᠠᠮᠲᠤ ᠪᠤᠭᠤᠲᠤ ᠬᠤᠳᠠ ᠵᠢᠨ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠳᠤ ᠴᠢᠭᠯᠡᠭᠦᠯᠬᠦ ᠴᠢᠨᠠᠷᠲᠠᠢ ᠵᠢᠯᠣᠭᠣᠳᠤᠯᠭ᠎ᠠ ᠬᠢᠵᠡᠢ᠃
ᠶᠠᠷᠢᠯᠴᠠᠨ ᠰᠤᠷᠪᠤᠯᠵᠢᠯᠠᠬᠤ᠎ᠪᠠᠷ ᠳᠠᠮᠵᠢᠨ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠭᠤᠲᠤ ᠬᠤᠳᠠ ᠵᠢᠨ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠭᠦᠢ᠍ᠴᠡᠳ ᠨᠤᠲᠠᠯᠠᠬᠤ ᠵᠢᠨ ᠬᠠᠮᠲᠤ᠂ ᠪᠤᠭᠤᠲᠤ ᠬᠤᠳᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ ᠬᠠᠷᠠᠯᠲᠠ᠎ᠪᠠᠨ ᠴᠢᠩᠭ᠎ᠠ ᠠᠳᠬᠤᠵᠤ᠂ ᠦᠷᠭᠦᠯᠵᠢᠯᠡᠨ ᠦᠨᠡᠨᠬᠦ ᠥᠭᠡᠷᠡᠴᠢᠯᠡᠨ ᠪᠣᠳᠠᠲᠠᠢ ᠠᠵᠢᠯᠯᠠᠵᠤ᠂ ᠡᠯ᠎ᠡ ᠵᠦᠢ᠍ᠯ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠬᠦᠰᠡᠵᠦ ᠪᠠᠢ᠌ᠨ᠎ᠠ ᠭᠡᠵᠦ ᠢᠯᠡᠳᠬᠡᠪᠡ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠱᠠᠯᠠᠪᠳᠠᠭᠤᠯᠤᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠬᠤ ᠶᠠᠪᠤᠴᠠ᠎ᠳᠤ ᠵᠢᠭ᠋ᠠᠵᠤ ᠭᠠᠷᠭ᠋ᠠᠭᠰᠠᠨ ᠬᠦᠷᠦᠯᠴᠡᠬᠦ ᠦᠭᠡᠢ ᠲᠠᠯ᠎ᠠ ᠵᠢ ᠡᠮᠬᠢᠯᠡᠵᠦ᠂ ᠭᠣᠣᠯᠳᠠᠯᠭ᠎ᠠ᠎ᠲᠠᠢ ᠲᠣᠬᠢᠷᠠᠭᠤᠯᠤᠨ᠂ ᠡᠯ᠎ᠡ ᠠᠶ᠋ᠢᠮᠠᠭ ᠬᠣᠲᠠ ᠵᠢᠨ ᠴᠡᠭᠴᠡᠯᠡᠨ ᠰᠠᠢ᠌ᠵᠢᠷᠠᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢ ᠠᠬᠢᠭᠤᠯᠵᠤ᠂ ᠡᠯ᠎ᠡ ᠵᠦᠢ᠍ᠯ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠴᠠᠭ ᠲᠤᠬᠠᠢᠳᠤᠨᠢ ᠴᠢᠨᠠᠷ᠎ᠢ ᠪᠠᠲᠤᠯᠠᠨ ᠪᠡᠶᠡᠯᠡᠭᠦᠯᠬᠦ ᠵᠢ ᠪᠠᠲᠤᠯᠠᠨ᠎ᠠ᠃