8 ᠰᠠᠷ᠎ᠠ ᠵᠢᠨ 8᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠡᠭᠦᠷ᠂ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠰᠢᠯᠢ ᠵᠢᠨ ᠬᠣᠲᠠ ᠵᠢᠨ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ᠎ᠲᠠᠢ ᠬᠠᠮᠲᠤᠷᠠᠨ᠂ ᠭᠥᠸᠧ ᠨᠧᠩ ᠤᠮᠠᠷᠠᠲᠤ ᠵᠢᠨ ᠴᠠᠬᠢᠯᠭ᠋ᠠᠨ᠎ᠤ ᠱᠧᠩ ᠯᠢ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠱᠧᠩ ᠯᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠠᠢ᠌ᠭᠤᠯᠭ᠎ᠠ ᠵᠢᠨ ᠬᠣᠶᠠᠳᠤᠭ᠋ᠠᠷ ᠨᠠᠮ᠎ᠤᠨ ᠡᠭᠦᠷ᠎ᠲᠠᠢ ᠬᠠᠮᠲᠤᠷᠠᠨ 《ᠶᠡᠬᠡ ᠬᠤᠷᠠᠯ᠎ᠤᠨ ᠵᠣᠷᠢᠭ ᠰᠠᠨᠠᠭ᠎ᠠ ᠵᠢ ᠣᠢ᠌ᠯᠠᠭ᠋ᠠᠵᠤ ᠪᠣᠬᠢᠷᠲᠤᠯ ᠦᠭᠡᠢ ᠠᠭᠤᠷᠬᠠᠢ ᠵᠢ ᠬᠠᠮᠲᠤ᠎ᠪᠠᠷ ᠪᠠᠢ᠌ᠭᠤᠯᠤᠶ᠎ᠠ — ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠠᠬᠢᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ᠎ᠳᠤ᠂ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠢ᠌ᠯᠠᠯ᠎ᠳᠤ ᠠᠮᠢ ᠠᠬᠤᠢ ᠵᠢᠨ ᠪᠣᠯᠪᠠᠰᠤᠨ᠎ᠤ ᠤᠬᠠᠭᠤᠯᠭ᠎ᠠ ᠵᠢᠨ ᠭᠠᠷ ᠠᠪᠤᠯᠠᠭᠠ ᠪᠣᠯᠣᠨ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠬᠠᠮᠢᠶ᠎ᠠ ᠪᠦᠬᠦᠢ ᠤᠬᠠᠭᠤᠯᠭ᠎ᠠ ᠵᠢᠨ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ᠂ ᠭᠥᠸᠧ ᠨᠧᠩ ᠤᠮᠠᠷᠠᠲᠤ ᠵᠢᠨ ᠴᠠᠬᠢᠯᠭ᠋ᠠᠨ ᠬᠦᠴᠦᠨ᠎ᠤ ᠱᠧᠩ ᠯᠢ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠱᠧᠩ ᠯᠢ ᠵᠠᠳᠠᠭ᠋ᠠᠢ ᠠᠭᠤᠷᠬᠠᠢ ᠵᠢᠨ ᠦᠢ᠍ᠯᠡᠳᠪᠦᠷᠢᠯᠡᠯ᠂ ᠠᠮᠤᠷ ᠲᠦᠪᠰᠢᠨ᠎ᠤ ᠬᠠᠮᠢᠶᠠᠷᠤᠯᠲᠠ ᠪᠣᠯᠣᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠣᠢ᠌ᠯᠠᠭ᠋ᠠᠭᠰᠠᠨ ᠪᠥᠭᠡᠳ ᠠᠵᠤ ᠠᠬᠤᠢ᠌ᠯᠠᠯ᠎ᠤᠨ ᠺᠠᠳ᠋ᠷ ᠠᠵᠢᠯᠲᠠᠨ᠎ᠲᠠᠢ ᠰᠠᠨᠠᠯ ᠵᠶ᠋ᠠᠨ ᠰᠣᠯᠢᠯᠴᠠᠵᠤ ᠶᠠᠷᠢᠯᠴᠠᠪᠠ᠃ ᠬᠤᠷᠠᠯ᠎ᠤᠨ ᠳᠠᠷᠠᠭ᠎ᠠ᠂ 《ᠭᠤᠷᠪᠠᠨ ᠠᠭᠤᠯᠠ ᠬᠣᠶᠠᠷ ᠨᠠᠭᠤᠷ ᠨᠢᠭᠡ ᠦᠢ᠍ᠯᠡᠳᠪᠦᠷᠢ ᠵᠢᠨ ᠲᠣᠭᠣᠷᠢᠭ》᠎ᠤᠨ ᠤᠯᠤᠰ᠎ᠤᠨ ᠲᠡᠰ᠎ᠤᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠦᠵᠡᠵᠦ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠡᠭᠦᠷᠭᠡ᠎ᠲᠠᠢ ᠬᠠᠷᠢᠴᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠦᠷ᠎ᠡ ᠪᠦᠲᠦᠮᠵᠢ ᠪᠣᠯᠣᠨ ᠠᠭᠤᠷᠬᠠᠢ ᠵᠢᠨ ᠠᠮᠢ ᠠᠬᠤᠢ ᠵᠢᠨ ᠰᠡᠷᠭᠦᠯᠲᠡ ᠵᠢᠨ ᠪᠠᠶ᠋ᠢᠳᠠᠯ᠎ᠢ ᠪᠠᠢ᠌ᠴᠠᠭ᠋ᠠᠨ ᠦᠵᠡᠪᠡ᠃
ᠲᠣᠰ ᠤᠳᠠᠭ᠋ᠠᠨ᠎ᠤ ᠠᠵᠢᠯᠯᠠᠭ᠎ᠠ᠎ᠪᠠᠷ ᠳᠡᠮᠵᠢᠨ᠂ ᠪᠣᠬᠢᠷᠲᠤᠯ ᠦᠭᠡᠢ ᠠᠭᠤᠷᠬᠠᠢ ᠭᠡᠬᠦ ᠡᠨᠡ ᠬᠦ᠌ ᠠᠮᠢ ᠠᠬᠤᠢ ᠵᠢᠨ ᠪᠣᠯᠪᠠᠰᠤᠨ᠎ᠤ ᠠᠮᠢᠳᠤᠯᠢᠭ ᠲᠠᠢ᠌ᠯᠪᠤᠷᠢ ᠵᠢ ᠤᠯᠠᠨ ᠵᠶ᠋ᠠᠷ ᠵᠶ᠋ᠠᠨ ᠪᠥᠬᠥ ᠲᠠᠯ᠎ᠠ᠎ᠪᠠᠷ ᠣᠢ᠌ᠯᠠᠭ᠋ᠠᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠭᠦᠨᠵᠡᠭᠡᠢ ᠣᠢ᠌ᠯᠠᠭ᠋ᠠᠪᠠ᠃ ᠤᠯᠠᠨ ᠵᠶ᠋ᠠᠷ ᠵᠶ᠋ᠠᠨ᠂ ᠰᠢᠨ᠎ᠡ ᠠᠶᠠᠨ ᠵᠠᠮ᠎ᠳᠤ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃