ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-08-27

      5 ᠰᠠᠷ᠎ᠠ ᠵᠢᠨ 25᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ᠎ᠠᠴᠠ ᠪᠥᠬᠥ ᠨᠠᠮ᠎ᠤᠨ ᠭᠡᠰᠢᠭᠦᠨ ᠺᠠᠳ᠋ᠷ ᠠᠵᠢᠯᠲᠠᠨ᠎ᠢ ᠵᠣᠬᠢᠶᠠᠨ ᠪᠠᠢ᠌ᠭᠤᠯᠤᠨ ᠭᠣᠣᠯ ᠰᠡᠳᠦᠪᠲᠦ ᠬᠥᠮᠦᠵᠢᠯ ᠵᠢᠴᠢ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ᠎ᠢ ᠥᠷᠨᠢᠭᠦᠯᠵᠦ᠂ ᠨᠠᠮ᠎ᠤᠨ ᠡᠭᠦᠷ᠎ᠤᠨ ᠱᠦᠵᠢ ᠴᠧᠨ ᠢᠦᠢ ᠨᠥᠬᠥᠷ ᠰᠤᠷᠤᠯᠴᠠᠯᠭ᠎ᠠ ᠵᠢᠨ ᠬᠤᠷᠠᠯ᠎ᠢ ᠡᠷᠭᠢᠯᠡᠪᠡ᠃

      ᠬᠤᠷᠠᠯ᠎ᠠᠴᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠨᠠᠢ᠌ᠷᠠᠭᠤᠯᠤᠨ ᠨᠡᠢ᠌ᠲᠡᠯᠡᠭᠰᠡᠨ 《ᠢᠷᠡᠬᠦ ᠵᠠᠮ ᠵᠶ᠋ᠠᠨ ᠮᠠᠷᠲᠠᠵᠤ ᠦᠯᠦ ᠪᠣᠯᠬᠤ᠂ ᠬᠡᠷᠡᠭ᠎ᠤᠨ ᠳᠤᠮᠳᠠᠬᠢ ᠬᠥᠮᠥᠨ ᠦᠯᠦ ᠪᠣᠯᠬᠤ — ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠰᠠᠬᠢᠯᠭ᠎ᠠ ᠪᠠᠲᠤ ᠬᠠᠤᠯᠢ ᠲᠣᠭᠲᠠᠭ᠋ᠠᠯ᠎ᠢ ᠵᠥᠷᠢᠴᠡᠭᠰᠡᠨ ᠬᠡᠷᠡᠭ ᠰᠡᠷᠡᠮᠵᠢ ᠵᠢᠨ ᠲᠡᠮᠳᠡᠭᠯᠡᠯ》᠎ᠳᠠᠬᠢ 《ᠡᠷᠬᠡ᠎ᠲᠠᠢ ᠣᠢ᠌ᠷᠠᠲᠤᠮᠠᠭᠴᠠ ᠥᠪᠡᠷ᠎ᠢ᠎ᠪᠠᠨ ᠠᠯᠳᠠᠴᠢᠬᠠᠳᠠᠭ》 ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠬᠦᠷᠢᠶᠡᠨ᠎ᠳᠠᠬᠢ ᠨᠡᠢ᠌ᠲᠡᠯᠢᠭ ᠬᠡᠷᠡᠭ᠎ᠤᠨ ᠵᠢᠱ᠌ᠢᠶ᠎ᠡ᠂ 《ᠠᠷᠠᠳ᠎ᠤᠨ ᠡᠳᠦᠷ᠎ᠤᠨ ᠰᠣᠨᠢᠨ》᠎ᠤ 《ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠦᠶ᠎ᠡ》 ᠵᠢᠴᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ᠎ᠤᠨ ᠬᠡᠰᠡᠭᠯᠡᠯ᠎ᠢ ᠰᠤᠷᠤᠯᠴᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠪᠠᠷᠢᠮᠵᠢᠶ᠎ᠠ》 ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠠᠢ᠌ᠯᠤᠮᠵᠢ ᠵᠢᠨ ᠣᠬᠣᠷ ᠹᠢᠯᠢᠮ᠎ᠢ ᠰᠣᠨᠢᠷᠬᠠᠪᠠ᠃

      ᠬᠤᠷᠠᠯ᠎ᠠᠴᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠢ ᠰᠤᠷᠤᠯᠴᠠᠨ ᠲᠤᠭᠤᠰᠢᠯᠠᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠵᠢᠨ ᠤᠬᠠᠮᠰᠠᠷ᠎ᠢ ᠪᠤᠢ ᠪᠣᠯᠭ᠋ᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤᠳᠬᠠᠬᠤ ᠬᠡᠷᠡᠭᠲᠡᠢ᠃ ᠲᠥᠪ᠎ᠤᠨ ᠪᠦᠬᠦ ᠨᠠᠮ᠎ᠤᠨ ᠭᠡᠰᠢᠭᠦᠨ ᠺᠠᠳ᠋ᠷ᠎ᠤᠨ ᠠᠵᠢᠯ᠎ᠤᠨ ᠲᠠᠯ᠎ᠠ᠎ᠪᠠᠷ ᠱᠠᠯᠠᠪᠳᠠᠭᠤᠯᠤᠨ ᠪᠠᠢ᠌ᠴᠠᠭ᠋ᠠᠬᠤ ᠡᠲᠡᠭᠡᠳ᠎ᠯᠦᠭᠡ ᠵᠢᠨ ᠬᠠᠷᠢᠴᠠᠭ᠎ᠠ᠎ᠪᠠᠨ ᠲᠣᠬᠢᠲᠠᠢ ᠰᠢᠢ᠍ᠳᠪᠦᠷᠢᠯᠡᠵᠦ᠂ ᠣᠨᠴᠠᠭ᠋ᠠᠢ᠌ᠯᠠᠨ ᠡᠮᠦᠨ᠎ᠡ ᠹᠷᠣᠨᠲ᠎ᠤᠨ ᠺᠠᠳ᠋ᠷ ᠴᠠᠭ ᠢᠮᠠᠭᠲᠠ ᠨᠠᠮ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠲᠤᠰ ᠪᠡᠶ᠎ᠡ ᠵᠢᠨ ᠢᠯᠵᠢᠷᠡᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠢ᠌ᠯᠡᠬᠦ ᠬᠡᠪ ᠪᠤᠯᠪᠠᠰᠤᠷᠠᠯ ᠵᠶ᠋ᠠᠨ ᠴᠢᠩᠭ᠋ᠠᠳᠬᠠᠵᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠮᠡᠳᠡᠯᠭᠡ ᠵᠢᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠶᠣᠰᠣ ᠰᠤᠷᠲᠠᠬᠤᠨ᠎ᠤ ᠪᠣᠯᠪᠠᠰᠤᠷᠠᠯ᠎ᠢ ᠪᠣᠯᠪᠠᠰᠤᠷᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠱᠠᠯᠠᠪᠳᠠᠭᠤᠯᠤᠨ ᠪᠠᠢ᠌ᠴᠠᠭ᠋ᠠᠬᠤ ᠺᠠᠳ᠋ᠷ᠎ᠤᠨ ᠡᠩᠨᠡᠭᠡ ᠵᠢᠨ ᠬᠠᠷᠢᠭᠤᠴᠠᠯᠭ᠎ᠠ ᠪᠠ ᠡᠭᠦᠷᠭᠡᠯᠡᠯ᠎ᠢ ᠲᠣᠳᠣᠷᠬᠠᠢ᠌ᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ᠎ᠤᠨ ᠳᠠᠷᠠᠭ᠎ᠠ᠂ 《ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠰᠤᠷᠤᠯᠴᠠᠬᠤ ᠤᠯᠠᠷᠢᠯ》᠎ᠤᠨ ᠠᠵᠢᠯᠯᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠪᠥᠬᠥ ᠨᠠᠮ᠎ᠤᠨ ᠭᠡᠰᠢᠭᠦᠨ ᠺᠠᠳ᠋ᠷ ᠠᠵᠢᠯᠲᠠᠨ᠎ᠢ ᠵᠣᠬᠢᠶᠠᠨ ᠪᠠᠢ᠌ᠭᠤᠯᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠡᠷᠭᠡ ᠬᠠᠮᠢᠶ᠎ᠠ ᠪᠦᠬᠦᠢ ᠤᠨᠤᠯ᠎ᠤᠨ ᠮᠡᠳᠡᠯᠭᠡ ᠵᠢᠨ ᠰᠢᠯᠭ᠋ᠠᠯᠲᠠ ᠬᠢᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠵᠢᠨ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠪᠤᠭᠤᠲᠤ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠢ᠌ᠴᠠᠭ᠋ᠠᠬᠤ ᠠᠵᠢᠯ ᠥᠷᠨᠢᠭᠦᠯᠵᠡᠢ
ᠳᠤᠤᠭ᠋ᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠬᠠᠮᠲᠤ᠎ᠪᠠᠷ ᠠᠬᠢᠭᠤᠯᠤᠨ᠎ᠠ — ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠵᠢᠷᠭᠤᠳᠤᠭ᠋ᠠᠷ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠯᠦᠭᠡ ᠭᠣᠣᠯ ᠰᠡᠳᠦᠪᠲᠦ ᠬᠠᠮᠲᠤᠷᠠᠭᠰᠠᠨ ᠨᠠᠮ᠎ᠤᠨ ᠡᠳᠦᠷ᠎ᠤᠨ  ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠸᠢᠳᠢᠤ᠋ ᠪᠤᠯᠪᠠᠰᠤᠷᠠᠯ᠎ᠤᠨ ᠬᠤᠷᠠᠯ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠶᠡᠬᠡ ᠬᠤᠷᠠᠯ᠎ᠤᠨ ᠵᠣᠷᠢᠭ ᠰᠠᠨᠠᠭ᠎ᠠ ᠵᠢ ᠣᠢ᠌ᠯᠠᠭ᠋ᠠᠵᠤ ᠪᠣᠬᠢᠷᠲᠤᠯ ᠦᠭᠡᠢ ᠠᠭᠤᠷᠬᠠᠢ ᠵᠢ ᠬᠠᠮᠲᠤᠪᠠᠷ ᠪᠠᠢ᠌ᠭᠤᠯᠤᠶ᠎ᠠ — ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠠᠬᠢᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠲᠦᠩᠯᠢᠶᠣᠣ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
 
             蒙ICP备05000248号