ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠵᠢᠨ ᠲᠥᠯᠥᠭᠡ᠂ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ 2023 ᠣᠨ᠎ᠤ 6 ᠰᠠᠷ᠎ᠠ ᠵᠢᠨ 26᠎ᠤ ᠡᠳᠦᠷ᠂ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠷᠧᠨ ᠽᠢ ᠫᠢᠩ ᠪᠦᠯᠬᠦᠮ ᠳᠠᠭ᠋ᠠᠭᠤᠯᠵᠤ᠂ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠵᠢᠨ ᠵᠢᠷᠭᠤᠳᠤᠭ᠋ᠠᠷ ᠨᠠᠮ᠎ᠤᠨ ᠡᠭᠦᠷ ᠬᠢᠩᠭ᠋ᠠᠨ ᠠᠶ᠋ᠢᠮᠠᠭ᠎ᠲᠤ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠵᠤ ᠬᠢᠨᠠᠨ ᠪᠠᠢ᠌ᠴᠠᠭ᠋ᠠᠬᠤ ᠠᠵᠠ ᠲᠣᠬᠢᠶᠠᠯ᠎ᠢ ᠠᠰᠢᠭᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠲᠠᠢ 《ᠳᠤᠤᠭ᠋ᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠬᠠᠮᠲᠤ᠎ᠪᠠᠷ ᠠᠬᠢᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠬᠠᠮᠲᠤᠷᠠᠭᠰᠠᠨ ᠠᠵᠢᠯᠯᠠᠭ᠎ᠠ ᠥᠷᠨᠢᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠸᠨ ᠪᠣᠯᠣᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠡᠰᠡᠭ ᠨᠠᠮ᠎ᠤᠨ ᠭᠡᠰᠢᠭᠦᠨ ᠺᠠᠳ᠋ᠷ ᠣᠷᠣᠯᠴᠠᠪᠠ᠃
ᠨᠠᠮ᠎ᠤᠨ ᠭᠡᠰᠢᠭᠦᠨ ᠺᠠᠳ᠋ᠷᠴᠤᠳ ᠬᠢᠩᠭ᠋ᠠᠨ ᠠᠶ᠋ᠢᠮᠠᠭ᠎ᠤᠨ ᠤᠯᠠᠭ᠋ᠠᠨᠬᠣᠲᠠ᠎ᠳᠤ ᠪᠠᠢ᠌ᠭ᠎ᠠ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠂ 《5.1》 ᠤ ᠶᠡᠬᠡ ᠬᠤᠷᠠᠯ᠎ᠤᠨ ᠪᠠᠭᠤᠷᠢ᠂ ᠤᠯᠠᠭ᠋ᠠᠨᠬᠦᠦ ᠵᠢᠨ ᠳᠤᠷᠠᠰᠬᠠᠯ᠎ᠤᠨ ᠣᠷᠳᠣᠨ ᠵᠡᠷᠭᠡ᠎ᠳᠤ ᠬᠦᠷᠴᠦ ᠲᠣᠭᠣᠷᠢᠨ ᠦᠵᠡᠵᠦ ᠰᠤᠷᠤᠯᠴᠠᠪᠠ᠃ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠎ᠳᠤ᠂ ᠪᠦᠬᠦ ᠨᠠᠮ᠎ᠤᠨ ᠭᠡᠰᠢᠭᠦᠳ ᠬᠣᠪᠣᠷ ᠨᠠᠨᠳᠢᠨ ᠭᠡᠷᠡᠯ ᠵᠢᠷᠤᠭ᠎ᠤᠳ᠂ ᠲᠡᠭᠷᠢ ᠭᠠᠵᠠᠷ᠎ᠢ ᠳᠣᠩᠰᠣᠯᠭ᠋ᠠᠮ᠎ᠠ ᠠᠵᠢᠯᠯᠠᠭ᠎ᠠ᠎ᠨᠤᠭᠤᠳ᠎ᠠᠴᠠ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠠᠭᠤᠤ ᠶᠡᠬᠡ ᠪᠠᠯᠠᠷᠠᠰᠢ ᠦᠭᠡᠢ ᠪᠠᠶ᠋ᠢᠳᠠᠯ᠎ᠢ ᠭᠦᠨᠵᠡᠭᠡᠢ ᠣᠢ᠌ᠯᠠᠭ᠋ᠠᠵᠤ᠂ ᠲᠤᠢ᠌ᠯ᠎ᠤᠨ ᠬᠠᠲᠠᠭᠤᠵᠢᠯᠲᠠᠢ ᠭᠡᠷᠡᠯ ᠰᠠᠴᠤᠷᠠᠩᠭᠤᠢ ᠬᠤᠪᠢᠰᠬᠠᠯ᠎ᠤᠨ ᠲᠡᠦᠬᠡᠨ ᠶᠠᠪᠤᠴᠠ ᠵᠢ ᠡᠷᠭᠢᠴᠡᠭᠦᠯᠬᠦ᠎ᠳᠡᠭᠡᠨ ᠣᠶᠤᠨ ᠰᠠᠨᠠᠭ᠋ᠠᠨ᠎ᠤ ᠰᠢᠮ᠎ᠡ ᠲᠡᠵᠢᠭᠡᠯ᠎ᠢ ᠬᠦᠷᠲᠡᠵᠦ᠂ ᠲᠡᠦᠬᠡ ᠵᠢᠨ ᠲᠤᠷᠰᠢᠯᠭ᠎ᠠ᠎ᠠᠴᠠ ᠣᠶᠤᠨ ᠰᠠᠨᠠᠭ᠋ᠠᠨ᠎ᠤ ᠲᠤᠯᠭ᠋ᠠᠭᠤᠷᠢ ᠵᠢ ᠪᠠᠲᠤ ᠴᠣᠭᠴᠠᠯᠠᠪᠠ; 《5.1》᠎ᠤ ᠶᠡᠬᠡ ᠬᠤᠷᠠᠯ᠎ᠤᠨ ᠪᠠᠭᠤᠷᠢ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠲᠥᠷᠥ ᠵᠢᠨ ᠪᠣᠳᠣᠯᠭ᠎ᠠ ᠵᠢᠨ ᠠᠭᠤᠤ ᠶᠡᠬᠡ ᠢᠯᠠᠯᠲᠠ ᠵᠢᠨ ᠳᠣᠭᠳᠣᠯᠤᠯ ᠪᠠ ᠣᠮᠣᠭᠰᠢᠯᠢ ᠮᠡᠳᠡᠷᠡᠵᠦ᠂ ᠪᠦᠬᠦ ᠨᠠᠮ᠎ᠤᠨ ᠭᠡᠰᠢᠭᠦᠳ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠲᠠᠬᠢᠨ ᠡᠷᠬᠢᠴᠬᠦᠯᠵᠤ᠂ ᠡᠷᠡᠰ ᠪᠠᠲᠤ ᠲᠠᠩᠭ᠋ᠠᠷᠢᠭ᠎ᠤᠨ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭᠰᠢᠳᠠ ᠪᠠᠲᠤᠳᠬᠠᠪᠠ; ᠤᠯᠠᠭ᠋ᠠᠨᠬᠦᠦ ᠵᠢᠨ ᠠᠵᠢᠯᠯᠠᠵᠤ ᠪᠠᠢ᠌ᠭᠰᠠᠨ ᠬᠠᠭᠤᠴᠢᠨ ᠪᠠᠭᠤᠷᠢ᠎ᠳᠤ᠂ ᠤᠯᠠᠨ ᠵᠶ᠋ᠠᠷ ᠵᠶ᠋ᠠᠨ ᠠᠬᠠᠮᠠᠳ ᠨᠢᠭᠡ ᠦᠶ᠎ᠡ ᠵᠢᠨ ᠦᠭᠡᠢ᠌ᠭᠦᠦ ᠠᠨᠭ᠌ᠬᠢ ᠵᠢᠨ ᠬᠠᠲᠠᠭᠤᠵᠢᠯᠲᠠᠢ ᠪᠣᠷᠣᠭᠵᠢᠭᠤᠨ᠂ ᠨᠢᠭᠡ ᠰᠡᠳᠬᠢᠯ ᠵᠶ᠋ᠡᠷ ᠠᠷᠠᠳ᠎ᠤᠨ ᠲᠥᠯᠥᠭᠡ ᠵᠢᠳᠬᠦᠬᠦ ᠵᠣᠷᠢᠭ ᠰᠠᠨᠠᠭ᠋ᠠᠨ᠎ᠤ ᠵᠠᠩ ᠴᠢᠨᠠᠷ᠎ᠲᠤ ᠨᠥᠯᠥᠭᠡᠯᠡᠭᠳᠡᠵᠦ᠂ ᠠᠵᠢᠯ ᠠᠮᠢᠳᠤᠷᠠᠯ᠎ᠤᠨ ᠳᠤᠮᠳᠠ᠎ᠪᠠᠨ ᠰᠢᠯᠢᠳᠡᠭ ᠤᠯᠠᠮᠵᠢᠯᠠᠯ ᠪᠠ ᠰᠢᠯᠭ᠋ᠠᠷᠠᠭᠰᠠᠨ ᠰᠤᠷᠲᠠᠯ ᠵᠶ᠋ᠠᠨ ᠭᠦᠢ᠍ᠴᠡᠳ ᠪᠠᠳᠠᠷᠠᠭᠤᠯᠵᠤ᠂ ᠨᠢᠭᠡᠨ ᠬᠢᠷᠢ ᠲᠡᠩᠴᠡᠭᠰᠡᠨ ᠡᠪ ᠬᠠᠮᠲᠤ ᠨᠠᠮ᠎ᠤᠨ ᠭᠡᠰᠢᠭᠦᠨ ᠪᠣᠯᠬᠤ᠎ᠪᠠᠷ ᠴᠢᠷᠮᠠᠢ᠌ᠨ᠎ᠠ ᠭᠡᠵᠡᠭᠡᠪᠡ᠃
ᠲᠤᠰ ᠤᠳᠠᠭ᠋ᠠᠨ᠎ᠤ ᠨᠠᠮ᠎ᠤᠨ ᠡᠭᠦᠷ᠎ᠢ ᠬᠠᠮᠲᠤ᠎ᠪᠠᠷ ᠪᠠᠢ᠌ᠭᠤᠯᠵᠤ ᠬᠠᠮᠲᠤᠷᠠᠨ ᠪᠠᠢ᠌ᠭᠤᠯᠬᠤ ᠠᠵᠢᠯᠯᠠᠭ᠎ᠠ᠎ᠪᠠᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠨ ᠺᠠᠳ᠋ᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠴᠢᠨᠠᠭᠰᠢᠳᠠ ᠡᠷᠭᠢᠴᠡᠭᠦᠯᠵᠦ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠴᠢᠷᠮᠠᠢ᠌ᠬᠤ ᠴᠢᠭᠯᠡᠯ ᠵᠶ᠋ᠡᠨ ᠲᠣᠳᠣᠷᠬᠠᠢ᠌ᠯᠠᠵᠤ᠂ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠣᠯᠢᠯᠴᠠᠭ᠎ᠠ ᠵᠢ ᠨᠡᠩ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠠᠷᠢᠯᠴᠠᠨ ᠳᠡᠮᠵᠢᠬᠦ ᠡᠷᠴᠢᠮ᠎ᠢ ᠨᠡᠩ ᠴᠢᠩᠭ᠋ᠠᠷᠠᠭᠤᠯᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ᠎ᠳᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠪᠡ᠃