ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ 9 ᠰᠠᠷ᠎ᠠ ᠵᠢᠨ 1᠎ᠤ ᠡᠳᠦᠷ᠎ᠠᠴᠠ 25᠎ᠤ ᠡᠳᠦᠷ ᠪᠣᠯᠲᠠᠯ᠎ᠠ ᠲᠦᠩᠯᠢᠶᠣᠣ ᠬᠣᠲᠠ᠂ ᠬᠥᠯᠥᠨ ᠪᠣᠢ᠌ᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠯᠲᠠ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠨᠢ ᠮᠡᠷᠭᠡᠵᠢᠯ᠎ᠤᠨ ᠳᠡᠮᠵᠢᠯᠭᠡ ᠵᠢᠨ ᠲᠤᠯᠭ᠋ᠠᠭᠤᠷᠢ ᠬᠦᠴᠦᠨ ᠪᠣᠯᠤᠭᠰᠠᠨ᠎ᠤ ᠬᠤᠪᠢ᠎ᠳᠤ᠂ ᠲᠤᠰ ᠤᠳᠠᠭ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠡᠭᠦᠷᠭᠡ᠎ᠪᠠᠨ ᠤᠷᠤᠭᠰᠢᠲᠠᠢ ᠪᠡᠶᠡᠯᠡᠭᠦᠯᠬᠦ᠎ᠳᠤ ᠬᠦᠴᠦᠨ ᠨᠡᠮᠡᠷᠢᠯᠡᠪᠡ᠃
ᠮᠠᠨ᠎ᠤ ᠲᠥᠪ᠎ᠤᠨ᠎ᠬᠢᠨ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠮᠡᠷᠭᠡᠵᠢᠯ᠂ ᠱᠠᠯᠠᠪᠳᠠᠭᠤᠯᠤᠨ ᠪᠠᠢ᠌ᠴᠠᠭ᠋ᠠᠬᠤ ᠮᠡᠳᠡᠭᠡ ᠵᠠᠩᠭᠢᠵᠢᠯᠲᠠ ᠵᠢᠨ ᠲᠠᠪᠴᠠᠩ᠎ᠤᠨ ᠳᠡᠮᠵᠢᠯᠭᠡ᠂ ᠭᠤᠷᠪᠠᠨ ᠲᠠᠯ᠎ᠠ᠎ᠪᠠᠷ ᠵᠶ᠋ᠠᠨ ᠳᠤᠭᠤᠢ᠌ᠯᠠᠩ ᠲᠠᠭ᠋ᠠᠵᠤ ᠬᠢᠨᠠᠨ ᠬᠡᠮᠵᠢᠬᠦ ᠪᠠ ᠵᠢᠯᠣᠭᠣᠴᠢ ᠦᠭᠡᠢ ᠨᠢᠰᠬᠡᠯ ᠵᠶ᠋ᠡᠷ ᠰᠡᠭᠦᠳᠡᠷᠯᠡᠬᠦ ᠵᠡᠷᠭᠡ ᠤᠯᠠᠨ ᠵᠦᠢ᠍ᠯ᠎ᠤᠨ ᠮᠡᠷᠭᠡᠵᠢᠯ᠎ᠤᠨ ᠠᠷᠭ᠎ᠠ ᠪᠠᠷᠢᠯ᠎ᠤᠨ ᠲᠤᠯᠭ᠋ᠠᠭᠤᠷᠢᠯᠠᠯ᠎ᠢ ᠬᠠᠩᠭ᠋ᠠᠵᠤ᠂ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ᠎ᠤᠨ ᠵᠠᠭ᠋ᠠᠭ ᠳᠠᠪᠠᠵᠤ ᠨᠡᠭᠡᠭᠡᠨ ᠮᠠᠯᠲᠠᠬᠤ ᠵᠢ ᠬᠠᠮᠵᠢᠨ ᠰᠤᠳᠤᠯᠤᠨ ᠮᠠᠭ᠋ᠠᠳᠯᠠᠵᠤ᠂ ᠳᠣᠲᠣᠭ᠋ᠠᠳᠤ ᠵᠢᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠪᠠ ᠡᠷᠭᠢᠯᠲᠡ᠎ᠳᠤ ᠣᠷᠣᠭᠤᠯᠬᠤ ᠵᠢ ᠴᠢᠩᠭ᠋ᠠᠳᠬᠠᠨ᠂ ᠱᠠᠯᠠᠪᠳᠠᠭᠤᠯᠤᠨ ᠪᠠᠢ᠌ᠴᠠᠭ᠋ᠠᠬᠤ ᠠᠰᠠᠭᠤᠳᠠᠯ᠎ᠤᠨ ᠰᠦᠪᠡᠭᠴᠢ ᠵᠢ ᠲᠣᠭᠲᠠᠭ᠋ᠠᠵᠤ᠂ ᠴᠡᠭ ᠪᠠᠶ᠋ᠢᠷᠢ ᠵᠢᠨ ᠲᠤᠬᠠᠢ ᠵᠢᠨ ᠲᠠᠯᠠᠪᠤᠷ᠎ᠲᠤ ᠬᠠᠢ᠌ᠨ ᠰᠢᠨᠵᠢᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠣᠷᠣᠵᠤ ᠰᠠᠭᠤᠭᠰᠠᠨ ᠬᠤᠭᠤᠴᠠᠭ᠋ᠠᠨ᠎ᠳᠤ᠂ 10 ᠨᠡᠷᠡᠰ ᠲᠤᠬᠠᠢ᠌ᠯᠠᠭᠰᠠᠨ ᠠᠵᠢᠯ᠎ᠤᠨ ᠺᠠᠳ᠋ᠷ᠎ᠢ ᠰᠣᠩᠭᠣᠨ ᠲᠣᠮᠢᠯᠠᠵᠤ ᠡᠯ᠎ᠡ ᠵᠦᠢ᠍ᠯ᠎ᠤᠨ ᠠᠵᠢᠯ᠎ᠳᠤ ᠪᠥᠬᠥ ᠶᠠᠪᠤᠴᠠ᠎ᠪᠠᠷ ᠣᠷᠣᠯᠴᠠᠭᠤᠯᠵᠤ᠂ ᠡᠭᠡᠯᠵᠢ ᠨᠡᠮᠡᠵᠦ ᠴᠠᠭ ᠨᠡᠮᠡᠵᠦ ᠠᠵᠢᠯᠯᠠᠭᠤᠯᠤᠨ᠂ ᠡᠳᠦᠷ ᠰᠥᠨᠢ ᠢᠯᠭ᠋ᠠᠯ ᠦᠭᠡᠢ᠎ᠪᠠᠷ 4300 ᠭᠠᠷᠤᠢ ᠬᠤᠪᠢ ᠵᠠᠳᠠᠯᠤᠨ ᠰᠢᠨᠵᠢᠯᠡᠭᠰᠡᠨ ᠮᠠᠲ᠋ᠧᠷᠢᠶᠠᠯ᠎ᠢ ᠭᠠᠷᠭ᠋ᠠᠨ ᠦᠵᠡᠵᠦ᠂ 23 ᠬᠣᠰᠢᠭᠤ ᠰᠢᠶᠠᠨ ᠬᠣᠲᠠ ᠲᠣᠭᠣᠷᠢᠭ᠎ᠤᠨ 500 ᠭᠠᠷᠤᠢ ᠴᠡᠭ᠎ᠲᠤ ᠪᠣᠳᠠᠲᠠᠢ ᠭᠠᠵᠠᠷ᠎ᠲᠤᠨᠢ ᠬᠠᠢ᠌ᠨ ᠰᠢᠨᠵᠢᠯᠡᠯᠲᠡ ᠬᠢᠪᠡ᠃ ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠲᠣᠮᠣ ᠬᠡᠯᠪᠡᠷᠢ ᠵᠢᠨ ᠬᠡᠲᠦᠷᠡᠲᠡᠯ᠎ᠡ ᠮᠠᠯᠲᠠᠭᠰᠠᠨ ᠲᠣᠭᠣᠷᠢᠭ᠎ᠤᠨ ᠲᠣᠭᠲᠠᠭ᠋ᠠᠯ᠎ᠠᠴᠠ ᠵᠥᠷᠢᠴᠡᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠭᠰᠡᠨ ᠠᠰᠠᠭᠤᠳᠠᠯ ᠪᠠ ᠬᠥᠯᠥᠨ ᠪᠣᠢ᠌ᠷ ᠬᠣᠲᠠ ᠵᠢᠨ ᠲᠣᠭᠲᠠᠭ᠋ᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠭᠰᠡᠨ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠬᠤ᠂ ᠲᠡᠮᠳᠡᠭᠯᠡᠨ ᠠᠰᠠᠭᠤᠬᠤ ᠵᠡᠷᠭᠡ ᠭᠡᠷᠡᠴᠢ ᠪᠠᠷᠢᠮᠲᠠ ᠵᠢᠨ ᠲᠤᠯᠭ᠋ᠠᠭᠤᠷᠢᠯᠠᠯ᠎ᠢ ᠪᠡᠶᠡᠯᠡᠭᠦᠯᠵᠦ᠂ 《ᠠᠰᠠᠭᠤᠳᠠᠯ᠎ᠤᠨ ᠭᠣᠣᠯᠳᠠᠯᠭ᠎ᠠ ᠵᠢ ᠤᠬᠤᠴᠢᠯᠠᠵᠤ》 《ᠦᠨᠳᠦᠰᠦ ᠵᠢ᠎ᠨᠢ ᠤᠬᠤᠴᠢᠯᠠᠨ ᠠᠰᠠᠭᠤᠵᠤ》᠂ 2 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠪᠤᠢ ᠪᠣᠯᠭ᠋ᠠᠬᠤ ᠵᠢᠨ ᠬᠠᠮᠲᠤ ᠢᠯᠡ ᠨᠡᠢ᠌ᠲᠡᠯᠡᠵᠦ᠂ ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠂ ᠨᠡᠭᠡᠭᠡᠯᠲᠡ ᠵᠢᠨ ᠲᠣᠭᠣᠷᠢᠭ᠎ᠤᠨ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠦᠭᠰᠡᠨ ᠪᠠᠭ᠋ᠠᠰᠤᠨ ᠪᠣᠬᠢᠷᠲᠤᠯ᠎ᠢ ᠰᠢᠢ᠍ᠳᠪᠦᠷᠢᠯᠡᠬᠦ᠂ ᠦᠮᠡᠬᠡᠢ ᠦᠨᠦᠷ ᠵᠶ᠋ᠡᠷ ᠠᠷᠠᠳ᠎ᠢ ᠦᠢ᠍ᠮᠡᠭᠦᠯᠦᠭᠰᠡᠨ ᠵᠠᠭ᠋ᠠᠯᠳᠤᠯᠭ᠎ᠠ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠥᠨᠢ᠎ᠪᠠᠷ ᠰᠠᠬᠢᠨ ᠰᠠᠭᠤᠵᠤ᠂ ᠢᠯᠡ᠎ᠪᠠᠷ ᠪᠠᠢ᠌ᠴᠠᠭ᠋ᠠᠨ ᠳᠠᠯᠳᠠᠭᠤᠷ ᠰᠤᠷᠪᠤᠯᠵᠢᠯᠠᠵᠤ᠂ ᠪᠣᠯᠵᠣᠨ ᠶᠠᠷᠢᠯᠴᠠᠵᠤ᠂ ᠱᠠᠯᠠᠪᠳᠠᠭᠤᠯᠤᠨ ᠪᠠᠢ᠌ᠴᠠᠭ᠋ᠠᠵᠤ ᠪᠠᠲᠤᠯᠠᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢ᠍ᠴᠡᠳᠬᠡᠪᠡ᠃
ᠳᠠᠷᠠᠭ᠋ᠠᠴᠢ ᠵᠢᠨ ᠠᠯᠬᠤᠮ᠎ᠳᠤ᠂ ᠮᠠᠨ᠎ᠤ ᠲᠥᠪ᠎ᠤᠨ᠎ᠬᠢᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠪᠦᠷᠢᠯᠳᠦᠭᠦᠯᠬᠦ᠂ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠦᠭᠰᠡᠨ ᠬᠡᠷᠡᠭ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠢ ᠬᠢᠨᠠᠨ ᠬᠠᠷᠭᠤᠭᠤᠯᠬᠤ ᠵᠡᠷᠭᠡ ᠬᠣᠶ᠋ᠢᠰᠢᠳᠠ ᠵᠢᠨ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠲᠡᠷᠡᠴᠢᠯᠡᠨ ᠬᠣᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ᠎ᠪᠠᠷ ᠠᠵᠠ ᠲᠣᠬᠢᠶᠠᠯ ᠪᠣᠯᠭ᠋ᠠᠵᠤ᠂ ᠺᠠᠳ᠋ᠷ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠵᠢᠨ ᠲᠣᠬᠢᠷᠠᠭᠤᠯᠤᠯᠲᠠ ᠪᠠ ᠬᠡᠷᠡᠭᠯᠡᠯᠲᠡ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠎ᠳᠤ ᠨᠡᠩ ᠰᠠᠢ᠍ᠢ᠍ᠨ ᠬᠦᠴᠦᠨ ᠨᠡᠮᠡᠷᠢᠯᠡᠨ᠎ᠡ᠃