ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠲᠤᠰᠬᠠᠢ ᠰᠡᠳᠦᠪᠲᠦ ᠪᠤᠯᠪᠠᠰᠤᠷᠠᠯ ᠡᠷᠬᠢᠯᠡᠪᠡ
ᠨᠡᠶ᠋ᠢᠲᠡᠯᠡᠭᠰᠡᠨ ᠴᠠᠭ᠄ 2024-01-12

      ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠠᠯᠪᠢᠭᠰᠠᠨ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠬᠦ ᠵᠢᠨ ᠲᠥᠯᠥᠭᠡ᠂ ᠨᠢᠳᠤᠨᠤᠨ᠎ᠤ 12 ᠰᠠᠷ᠎ᠠ ᠵᠢᠨ 20᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ᠎ᠬᠢᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠲᠤᠰᠬᠠᠢ ᠰᠡᠳᠦᠪᠲᠦ ᠪᠣᠯᠪᠠᠰᠤᠷᠠᠯ᠎ᠢ ᠥᠷᠨᠢᠭᠦᠯᠵᠦ᠂ ᠪᠦᠬᠦ ᠠᠵᠢᠯᠲᠠᠨ ᠠᠵᠢᠯᠴᠢᠨ ᠣᠷᠣᠯᠴᠠᠪᠠ᠃

      ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠨᠡᠢ᠌ᠭᠡᠮ ᠪᠠ ᠠᠮᠢ ᠠᠬᠤᠢ ᠵᠢᠨ ᠪᠣᠯᠪᠠᠰᠤᠨ᠎ᠤ ᠵᠢᠭ᠋ᠠᠨ ᠰᠤᠳᠤᠯᠬᠤ ᠬᠡᠯᠲᠡᠰ᠎ᠤᠨ ᠳᠡᠳ᠋ ᠫᠷᠣᠹᠧᠰᠰᠣᠷ ᠧᠦ ᠶᠠᠩ ᠯᠢ ᠨᠠ ᠵᠢ ᠤᠷᠢᠵᠤ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠪᠡᠬᠢ ᠪᠠᠢ᠌ᠭᠤᠯᠤᠶ᠎ᠠ》 ᠭᠡᠬᠦ ᠰᠡᠳᠦᠪ ᠵᠶ᠋ᠡᠷ ᠲᠤᠰᠬᠠᠢ ᠰᠡᠳᠦᠪᠲᠦ ᠲᠠᠢ᠌ᠯᠤᠮᠵᠢ ᠬᠢᠯᠭᠡᠪᠡ᠃ ᠲᠠᠢ᠌ᠯᠤᠮᠵᠢ᠎ᠳᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠴᠢ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠤᠬᠠᠢ ᠴᠢᠬᠤᠯᠠ ᠥᠭᠦᠯᠡᠯᠲᠡ ᠵᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠬᠤ ᠥᠪᠥᠷ ᠮᠣᠩᠭᠣᠯ᠎ᠤᠨ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠥᠭᠦᠯᠡᠨ ᠲᠣᠭ᠋ᠠᠴᠢᠵᠤ᠂ ᠮᠠᠨ᠎ᠤ ᠣᠷᠣᠨ᠎ᠤ 《ᠡᠯᠡᠰᠦ ᠬᠠᠯᠬᠠᠯᠠᠬᠤ ᠬᠡᠷᠡᠮ》᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠣᠷᠣᠨ ᠵᠡᠷᠭᠡ ᠵᠢᠨ ᠴᠢᠬᠤᠯᠠ ᠠᠮᠢ ᠠᠬᠤᠢ ᠵᠢᠨ ᠬᠠᠯᠬᠠᠪᠴᠢ ᠪᠣᠯᠬᠤ ᠦᠢ᠍ᠯᠡᠳᠦᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠮᠠᠨ᠎ᠤ ᠣᠷᠣᠨ᠎ᠳᠤ ᠲᠤᠯᠭ᠋ᠠᠷᠠᠵᠤ ᠪᠠᠢ᠌ᠭ᠎ᠠ ᠤᠰᠤᠨ᠎ᠤ ᠡᠬᠢ ᠪᠠᠶᠠᠯᠢᠭ ᠳᠤᠲᠠᠭᠳᠠᠵᠤ ᠪᠠᠢ᠌ᠬᠤ᠂ ᠪᠡᠯᠴᠢᠭᠡᠷ ᠳᠡᠭᠡᠷ᠎ᠡ ᠬᠡᠲᠦᠷᠡᠲᠡᠯ᠎ᠡ ᠮᠠᠯᠯᠠᠬᠤ ᠵᠡᠷᠭᠡ ᠲᠠᠪᠤᠨ ᠶᠡᠬᠡ ᠠᠮᠢ ᠠᠬᠤᠢ ᠣᠷᠴᠢᠨ ᠲᠣᠭᠣᠷᠢᠨ᠎ᠳᠤ ᠠᠪᠴᠢᠷᠠᠵᠤ ᠪᠦᠬᠦᠢ ᠥᠷᠢᠰᠥᠯᠳᠦᠭᠡᠨ᠎ᠢ ᠭᠦᠨᠵᠡᠭᠡᠢ ᠵᠠᠳᠠᠯᠤᠨ ᠰᠢᠨᠵᠢᠯᠡᠪᠡ᠃ ᠥᠪᠥᠷ ᠮᠣᠩᠭᠣᠯ᠎ᠤᠨ᠎ᠬᠢᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠬᠡᠷᠬᠢᠨ ᠡᠪᠳᠡᠷᠡᠰᠢ ᠦᠭᠡᠢ ᠪᠠᠲᠤ ᠪᠡᠬᠢ ᠪᠠᠢ᠌ᠭᠤᠯᠤᠭᠰᠠᠨ᠂ ᠴᠦᠯᠯᠡᠷᠬᠡᠭᠵᠢᠯ᠎ᠢ ᠶᠡᠷᠦᠩᠬᠡᠢ᠌ᠯᠡᠨ ᠵᠠᠰᠠᠬᠤ ᠵᠢ ᠠᠬᠢᠭᠤᠯᠬᠤ᠂ ᠨᠤᠲᠤᠭ ᠪᠡᠯᠴᠢᠭᠡᠷ ᠣᠢ᠌ᠲᠤ ᠭᠠᠵᠠᠷ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠭᠦᠨᠵᠡᠭᠡᠢ ᠥᠷᠨᠢᠭᠦᠯᠬᠦ ᠪᠠ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠡᠷᠭᠢᠯᠲᠡᠲᠦ ᠬᠥᠭᠵᠢᠯᠲᠡ ᠵᠢ ᠠᠬᠢᠭᠤᠯᠬᠤ ᠳᠥᠷᠪᠡᠨ ᠠᠷᠭ᠎ᠠ ᠵᠠᠮ᠎ᠢ ᠳᠤᠷᠠᠳᠴᠠᠢ᠃

      ᠤᠯᠠᠨ ᠵᠶ᠋ᠠᠷ ᠵᠶ᠋ᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠳᠤ ᠨᠡᠩ ᠭᠦᠨᠵᠡᠭᠡᠢ ᠲᠠᠨᠢᠯᠲᠠ᠎ᠲᠠᠢ ᠪᠣᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢᠨ ᠲᠤᠬᠠᠢ ᠨᠡᠩ ᠪᠦᠬᠦ ᠲᠠᠯ᠎ᠠ ᠵᠢᠨ ᠣᠢ᠌ᠯᠠᠭ᠋ᠠᠯᠲᠠ᠎ᠲᠠᠢ ᠪᠣᠯᠵᠤ᠂ ᠲᠥᠷᠥ ᠵᠢᠨ ᠪᠣᠳᠣᠯᠭ᠎ᠠ ᠵᠢᠨ ᠤᠨᠤᠯ ᠬᠢᠭᠡᠳ ᠦᠢ᠍ᠯᠡᠳᠦᠯᠭᠡ ᠵᠢᠨ ᠵᠢᠱ᠌ᠢᠶ᠎ᠡ ᠵᠢ ᠬᠤᠪᠢᠶᠠᠯᠴᠠᠨ ᠡᠳ᠋ᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠳᠤ ᠰᠢᠨ᠎ᠡ ᠰᠡᠳᠬᠢᠴᠡ ᠪᠠ ᠰᠠᠢ᠍ᠢ᠍ᠨ ᠴᠢᠭᠯᠡᠯ᠎ᠢ ᠬᠠᠩᠭ᠋ᠠᠵᠠᠢ ᠭᠡᠵᠦ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠯᠠᠭᠤᠴᠤᠳ᠎ᠤᠨ ᠠᠵᠢᠯ᠎ᠤᠨ ᠵᠥᠪᠯᠡᠯ 《ᠨᠠᠮ᠎ᠤᠨ ᠪᠠᠢ᠌ᠭᠤᠯᠤᠯᠲᠠ᠎ᠪᠠᠷ ᠬᠣᠰᠢᠭᠤᠴᠢ ᠵᠢ ᠬᠥᠲᠥᠯᠥᠨ ᠳᠠᠭ᠋ᠠᠭᠤᠯᠵᠤ ᠰᠢᠨ᠎ᠡ ᠠᠶᠠᠨ᠎ᠳᠤ ᠮᠣᠷᠳᠠᠬᠤ》 ᠭᠣᠣᠯ ᠰᠡᠳᠦᠪᠲᠦ ᠡᠪᠯᠡᠯ᠎ᠤᠨ ᠪᠠᠢ᠌ᠭᠤᠯᠤᠯᠲᠠ ᠵᠢᠨ ᠰᠢᠷᠢᠰ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ 2024 ᠣᠨ᠎ᠤ ᠨᠢᠭᠡᠳᠦᠭᠡᠷ ᠬᠤᠭᠤᠴᠠᠭ᠋ᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ᠎ᠬᠢᠨ ᠠᠯᠪᠠᠨ ᠪᠢᠴᠢᠭ᠎ᠤᠨ ᠰᠢᠢ᠍ᠳᠪᠦᠷᠢᠯᠡᠯᠲᠡ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠲᠠᠢ᠌ᠯᠤᠮᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠨᠠᠮ᠎ᠤᠨ ᠡᠭᠦᠷ ᠪᠣᠯᠣᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ
 
             蒙ICP备05000248号