ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠥᠷᠭᠡᠨ ᠤᠯᠠᠨ ᠨᠠᠮ᠎ᠤᠨ ᠭᠡᠰᠢᠭᠦᠨ ᠤᠯᠠᠨ ᠲᠦᠮᠡᠨ᠎ᠤ ᠤᠭ ᠰᠠᠨᠠᠭ᠎ᠠ᠎ᠪᠠᠨ ᠦᠯᠦ ᠮᠠᠷᠲᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠴᠢᠩ ᠦᠨᠡᠨᠴᠢ᠎ᠪᠠᠷ ᠰᠣᠨᠣᠰᠴᠤ᠂ ᠨᠠᠮ ᠵᠶ᠋ᠠᠨ ᠡᠷᠡᠰ ᠭᠤᠶ᠋ᠢᠪᠢᠰᠢ ᠦᠭᠡᠢ ᠲᠠᠭ᠋ᠠᠬᠤ ᠵᠢ ᠬᠥᠲᠥᠯᠥᠨ ᠵᠢᠯᠤᠭᠣᠳᠬᠤ ᠵᠢᠨ ᠲᠥᠯᠥᠭᠡ᠂ 12 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠯᠠᠭᠤᠴᠤᠳ᠎ᠤᠨ ᠠᠵᠢᠯ᠎ᠤᠨ ᠵᠥᠪᠯᠡᠯ 《ᠴᠤᠴᠠᠰᠢ ᠦᠭᠡᠢ ᠴᠢᠷᠮᠠᠢ᠌ᠨ ᠰᠢᠨ᠎ᠡ ᠠᠶᠠᠨ᠎ᠳᠤ ᠮᠣᠷᠳᠠᠬᠤ》 ᠭᠣᠣᠯ ᠰᠡᠳᠦᠪᠲᠦ ᠪᠦᠯᠬᠦᠮ᠎ᠤᠨ ᠪᠠᠢ᠌ᠭᠤᠯᠤᠯᠲᠠ ᠵᠢᠨ ᠰᠢᠷᠢᠰ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠯᠠᠭᠤ ᠺᠠᠳ᠋ᠷᠴᠤᠳ ᠠᠵᠢᠯᠯᠠᠭ᠎ᠠ᠎ᠳᠤ ᠣᠷᠣᠯᠴᠠᠪᠠ᠃
ᠲᠣᠰ ᠤᠳᠠᠭ᠋ᠠᠨ᠎ᠤ ᠠᠵᠢᠯᠯᠠᠭ᠎ᠠ᠎ᠳᠤ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠠᠮᠢ ᠠᠬᠤᠢ ᠪᠠ ᠪᠣᠯᠪᠠᠰᠤᠨ᠎ᠤ ᠵᠢᠭ᠋ᠠᠨ ᠰᠤᠳᠤᠯᠬᠤ ᠬᠡᠯᠲᠡᠰ᠎ᠤᠨ ᠧᠦ ᠶᠠᠩ ᠯᠢ ᠨᠠ ᠨᠥᠬᠥᠷ᠎ᠢ ᠤᠷᠢᠵᠤ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠴᠣᠭᠴᠠᠯᠠᠶ᠎ᠠ》 ᠭᠡᠬᠦ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠡᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠴᠢ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠴᠢᠬᠤᠯᠠ ᠥᠭᠦᠯᠡᠯᠲᠡ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠠᠴᠠ ᠡᠭᠦᠰᠴᠦ᠂ ᠥᠪᠥᠷ ᠮᠣᠩᠭᠣᠯ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠡᠨᠡᠬᠦ ᠴᠢᠬᠤᠯᠠ ᠶᠡᠬᠡ ᠡᠭᠦᠷᠭᠡ ᠵᠢᠨ ᠠᠬᠤᠢ ᠪᠠᠶ᠋ᠢᠳᠠᠯ᠂ ᠰᠢᠯᠲᠠᠭ᠋ᠠᠨ᠂ ᠦᠷ᠎ᠡ ᠪᠦᠲᠦᠮᠵᠢ ᠵᠢᠴᠢ ᠠᠷᠭ᠎ᠠ ᠵᠢ ᠪᠦᠬᠦ ᠲᠠᠯ᠎ᠠ᠎ᠪᠠᠷ ᠲᠠᠢ᠌ᠯᠪᠤᠷᠢᠯᠠᠵᠤ᠂ ᠪᠦᠬᠦ ᠰᠤᠷᠤᠯᠭ᠋ᠠᠲᠠᠳ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠬᠤ᠎ᠳᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠬᠠᠩᠭ᠋ᠠᠵᠠᠢ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠳᠡᠭᠡᠳᠦ ᠵᠡᠷᠭᠡ ᠵᠢᠨ ᠢᠨᠵᠧᠨᠧᠷ ᠳᠡᠭᠦᠯᠢᠨ ᠠᠭᠤᠷᠬᠠᠢ ᠵᠢ ᠬᠡᠪᠴᠢᠶ᠎ᠡ᠎ᠠᠴᠠ ᠬᠡᠲᠦᠷᠡᠭᠦᠯᠦᠨ ᠨᠡᠭᠡᠭᠡᠨ ᠮᠠᠯᠲᠠᠭᠰᠠᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠠᠤᠯᠢ ᠵᠢ ᠵᠥᠷᠢᠴᠡᠨ ᠬᠠᠭ᠋ᠠᠯᠪᠤᠷᠢᠯᠠᠭᠰᠠᠨ ᠵᠡᠷᠭᠡ ᠠᠰᠠᠭᠤᠳᠠᠯ ᠵᠶ᠋ᠠᠷ ᠬᠡᠷᠡᠭᠯᠡᠭᠡᠨ᠎ᠤ ᠵᠢᠱ᠌ᠢᠶ᠎ᠡ ᠪᠣᠯᠭ᠋ᠠᠵᠤ᠂ ᠠᠯᠤᠰ ᠰᠡᠷᠡᠯ᠎ᠤᠨ ᠵᠢᠷᠤᠭ ᠳᠦᠷᠰᠦ ᠵᠢ ᠲᠠᠢ᠌ᠯᠪᠤᠷᠢᠯᠠᠬᠤ᠎ᠲᠠᠢ ᠤᠶᠠᠯᠳᠤᠭᠤᠯᠵᠤ᠂ ArcGIS᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠠᠬᠢ ᠠᠵᠢᠯᠯᠠᠭ᠋ᠠᠨ᠎ᠤ ᠬᠡᠷᠡᠭᠯᠡᠯᠲᠡ ᠵᠢ ᠰᠢᠰᠲ᠋ᠧᠮ᠎ᠲᠠᠢ ᠲᠠᠢ᠌ᠯᠪᠤᠷᠢᠯᠠᠵᠠᠢ᠃ ᠵᠢᠱ᠌ᠢᠶ᠎ᠡ ᠦᠵᠡᠭᠦᠯᠦᠨ ᠲᠠᠢ᠌ᠯᠪᠤᠷᠢᠯᠠᠬᠤ ᠪᠠ ᠬᠤᠷᠠᠯ᠎ᠳᠤ ᠣᠷᠣᠯᠴᠠᠭᠰᠠᠳ᠎ᠤᠨ ᠲᠤᠬᠠᠢ ᠵᠢᠨ ᠲᠠᠯᠠᠪᠤᠷ᠎ᠲᠤ ᠠᠵᠢᠯᠯᠠᠬᠤ ᠵᠢ ᠤᠶᠠᠯᠳᠤᠭᠤᠯᠬᠤ᠎ᠪᠠᠷ ᠳᠠᠮᠵᠢᠭᠤᠯᠵᠤ᠂ ᠬᠤᠷᠠᠯ᠎ᠳᠤ ᠣᠷᠣᠯᠴᠠᠭᠰᠠᠳ᠎ᠤᠨ ᠰᠤᠷᠤᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠲᠤᠢ᠌ᠯ᠎ᠤᠨ ᠶᠡᠬᠡᠪᠡᠷ ᠬᠥᠭᠵᠢᠭᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠯᠲᠡ᠂ ᠱᠠᠯᠠᠪᠳᠠᠭᠤᠯᠤᠨ ᠪᠠᠢ᠌ᠴᠠᠭ᠋ᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠡᠷᠭᠡ ᠠᠵᠢᠯ᠎ᠳᠤ ᠮᠡᠷᠭᠡᠵᠢᠯ᠎ᠤᠨ ᠰᠠᠭᠤᠷᠢ ᠲᠠᠯᠪᠢᠵᠤ ᠥᠭᠴᠡᠢ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠰᠤᠳᠤᠯᠭ᠋ᠠᠨ᠎ᠤ ᠭᠠᠵᠠᠷ᠎ᠤᠨ ᠯᠢ ᠫᠢᠩ ᠫᠷᠣᠹᠧᠰᠰᠣᠷ ᠮᠠᠨ᠎ᠤ ᠣᠷᠣᠨ᠎ᠤ ᠨᠤᠲᠤᠭ ᠪᠡᠯᠴᠢᠭᠡᠷ᠎ᠲᠤ ᠬᠡᠲᠦᠷᠡᠲᠡᠯ᠎ᠡ ᠮᠠᠯᠯᠠᠵᠤ ᠪᠠᠢ᠌ᠭ᠎ᠠ ᠪᠠᠶ᠋ᠢᠳᠠᠯ᠎ᠳᠤ ᠴᠢᠭᠯᠡᠭᠦᠯᠦᠨ᠂ ᠮᠠᠯ ᠪᠡᠯᠴᠢᠭᠡᠷ᠎ᠤᠨ ᠲᠡᠩᠴᠡᠭᠦᠷᠢ ᠵᠢᠨ ᠤᠨᠤᠯ᠂ ᠲᠣᠭ᠋ᠠᠴᠠᠭ᠎ᠠ ᠬᠢᠬᠦ ᠤᠭ ᠶᠣᠰᠣ ᠪᠣᠯᠣᠨ ᠬᠡᠷᠡᠭᠯᠡᠭᠡ ᠵᠢ ᠨᠠᠷᠢᠨ ᠲᠠᠢ᠌ᠯᠪᠤᠷᠢᠯᠠᠵᠤ᠂ ᠬᠤᠷᠠᠯ᠎ᠳᠤ ᠣᠷᠣᠯᠴᠠᠭᠰᠠᠳ᠎ᠲᠤ ᠮᠠᠯ ᠪᠡᠯᠴᠢᠭᠡᠷ᠎ᠤᠨ ᠲᠡᠩᠴᠡᠭᠦᠷᠢ ᠵᠢᠨ ᠳᠦᠷᠢᠮ᠎ᠤᠨ ᠬᠠᠤᠯᠢ ᠴᠠᠭ᠋ᠠᠵᠠ ᠵᠢᠨ ᠦᠨᠳᠦᠰᠦᠯᠡᠯ᠂ ᠴᠢᠬᠤᠯᠠ ᠴᠢᠨᠠᠷ᠂ ᠪᠡᠯᠴᠢᠭᠡᠷ᠎ᠤᠨ ᠪᠠᠭᠲᠠᠭ᠋ᠠᠮᠵᠢᠳᠤ ᠲᠣᠬᠢᠷᠠᠬᠤ ᠪᠣᠳᠣᠯᠭ᠎ᠠ ᠵᠢᠨ ᠮᠡᠷᠭᠡᠵᠢᠯ᠎ᠤᠨ ᠦᠨᠳᠦᠰᠦᠯᠡᠯ᠂ ᠪᠣᠳᠣᠯᠭ᠎ᠠ ᠵᠢᠨ ᠠᠷᠭ᠎ᠠ ᠵᠡᠷᠭᠡ ᠠᠭᠤᠯᠭ᠎ᠠ ᠵᠢᠨ ᠲᠠᠯ᠎ᠠ᠎ᠪᠠᠷ ᠨᠡᠩ ᠭᠦᠨᠵᠡᠭᠡᠢ ᠣᠢ᠌ᠯᠠᠭ᠋ᠠᠯᠲᠠ ᠪᠠ ᠲᠠᠨᠢᠯᠲᠠ᠎ᠲᠠᠢ ᠪᠣᠯᠵᠠᠢ᠃
ᠲᠣᠰ ᠤᠳᠠᠭ᠋ᠠᠨ᠎ᠤ ᠠᠵᠢᠯᠯᠠᠭ᠎ᠠ ᠵᠢᠨ ᠬᠢᠴᠢᠶᠡᠯ᠎ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠲᠤᠬᠠᠢ᠌ᠯᠠᠭᠰᠠᠨ ᠠᠵᠢᠯ᠎ᠲᠠᠢ ᠨᠢᠭᠲᠠ ᠤᠶᠠᠯᠳᠤᠭᠤᠯᠵᠤ᠂ ᠤᠨᠤᠯ᠎ᠤᠨ ᠰᠤᠷᠤᠯᠴᠠᠯᠭ᠎ᠠ ᠪᠠ ᠪᠣᠳᠠᠲᠠᠢ ᠬᠡᠷᠡᠭᠯᠡᠯᠲᠡ ᠵᠢ ᠨᠢᠭᠲᠠ ᠤᠶᠠᠯᠳᠤᠭᠤᠯᠵᠤ᠂ ᠤᠯᠠᠨ ᠵᠶ᠋ᠠᠷ ᠵᠶ᠋ᠠᠨ ᠶᠡᠬᠡ ᠠᠰᠢᠭ ᠬᠦᠷᠲᠡᠵᠡᠢ᠂ ᠥᠨᠥᠳᠥᠷ᠎ᠤᠨ ᠰᠤᠷᠤᠯᠴᠠᠯᠭ᠎ᠠ ᠵᠢᠨ ᠠᠭᠤᠯᠭ᠎ᠠ ᠵᠢ ᠰᠤᠷᠤᠯᠴᠠᠨ ᠨᠡᠪᠲᠡᠷᠡᠲᠡᠯ᠎ᠡ ᠣᠢ᠌ᠯᠠᠭ᠋ᠠᠵᠤ᠂ ᠪᠣᠳᠠᠲᠠᠢ ᠠᠵᠢᠯ᠎ᠤᠨ ᠳᠤᠮᠳᠠ᠎ᠪᠠᠨ ᠳᠡᠯᠭᠡᠷᠡᠭᠦᠯᠦᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠤᠯᠠᠨ ᠵᠶ᠋ᠠᠷ ᠵᠶ᠋ᠡᠨ ᠢᠯᠡᠳᠬᠡᠪᠡ᠃