ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-01-15

      《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡᠬᠦ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠱᠤᠭᠤᠮ᠎ᠢ ᠦᠨᠡᠨᠬᠦ ᠲᠤᠭᠤᠰᠢᠯᠠᠭᠤᠯᠬᠤ ᠵᠢᠨ ᠲᠥᠯᠥᠭᠡ᠂ 2023 ᠣᠨ᠎ᠤ 12 ᠰᠠᠷ᠎ᠠ ᠵᠢᠨ 27 ᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠎ᠳᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠦᠵᠡᠭᠦᠯᠭᠡ ᠵᠢ ᠲᠣᠭᠣᠷᠢᠨ ᠦᠵᠡᠪᠡ᠃

      ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ᠎ᠪᠠᠷ᠂ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠣᠯ᠎ᠤᠨ ᠬᠥᠭᠵᠢᠯᠲᠡ ᠵᠢᠨ ᠠᠬᠢᠴᠠ ᠪᠣᠯᠣᠨ ᠬᠥᠮᠥᠰ᠎ᠤᠨ ᠰᠡᠳᠬᠢᠯ᠎ᠢ ᠬᠥᠳᠡᠯᠭᠡᠮ᠎ᠡ ᠦᠨᠳᠦᠰᠦᠲᠡᠨ᠎ᠤ ᠥᠯᠢᠭᠡᠷ᠎ᠢ ᠨᠠᠷᠢᠨ ᠬᠢᠨᠠᠮᠠᠭ᠋ᠠᠢ ᠰᠣᠨᠣᠰᠴᠤ᠂ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠯᠲᠠ ᠪᠠ ᠬᠥᠭᠵᠢᠯᠲᠡ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠪᠠᠢ᠌ᠭᠤᠯᠤᠯᠲᠠ ᠵᠡᠷᠭᠡ ᠵᠢ ᠣᠢ᠌ᠯᠠᠭ᠋ᠠᠵᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠴᠢᠭᠯᠡᠯᠲᠡ ᠲᠥᠷᠥ ᠵᠢᠨ ᠪᠣᠳᠣᠯᠭ᠎ᠠ᠂ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠠᠭᠤᠤ ᠶᠡᠬᠡ ᠠᠮᠵᠢᠯᠲᠠ ᠪᠣᠯᠣᠨ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠭᠦᠨᠵᠡᠭᠡᠢ ᠰᠤᠷᠤᠯᠴᠠᠵᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢᠨ ᠦᠨᠳᠦᠰᠦᠲᠡᠨ᠎ᠤ ᠬᠠᠶ᠋ᠢᠷ᠎ᠠ ᠰᠡᠳᠬᠢᠯᠭᠡ ᠵᠢ ᠴᠢᠨᠠᠭᠰᠢᠳᠠ ᠣᠢ᠌ᠯᠠᠭ᠋ᠠᠵᠤ᠂ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠭᠦᠨᠵᠡᠭᠡᠢ ᠣᠢ᠌ᠯᠠᠭ᠋ᠠᠪᠠ᠃ ᠤᠯᠠᠨ ᠵᠶ᠋ᠠᠷ ᠵᠶ᠋ᠠᠨ ᠪᠠᠶ᠋ᠢᠨ ᠪᠠᠶ᠋ᠢᠨ ᠵᠣᠭᠰᠣᠵᠤ ᠨᠠᠷᠢᠨ ᠦᠵᠡᠵᠦ᠂ ᠴᠠᠭ ᠦᠶ᠎ᠡ ᠵᠢᠨ ᠬᠥᠭᠵᠢᠯᠲᠡ ᠳᠠᠪᠰᠢᠯᠲᠠ ᠵᠢ ᠭᠡᠷᠡᠴᠢᠯᠡᠭᠰᠡᠨ ᠭᠡᠷᠡᠯ ᠵᠢᠷᠤᠭ᠎ᠤᠳ᠎ᠠᠴᠠ ᠥᠪᠥᠷ ᠮᠣᠩᠭᠣᠯ᠎ᠤᠨ ᠢᠮᠠᠭᠲᠠ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ ᠪᠠᠶ᠋ᠢᠭ᠋ᠠᠳ ᠪᠦᠲᠦᠭᠡᠭᠰᠡᠨ ᠠᠵᠤ ᠠᠬᠤᠢ ᠵᠢᠨ ᠬᠥᠭᠵᠢᠯ ᠴᠡᠴᠡᠭᠯᠡᠯ᠂ ᠦᠨᠳᠦᠰᠦᠲᠡᠨ᠎ᠤ ᠪᠦᠯᠬᠦᠮᠳᠡᠯ᠂ ᠠᠮᠢ ᠠᠬᠤᠢ ᠵᠢᠨ ᠰᠠᠢ᠍ᠢ᠍ᠨ ᠰᠠᠢ᠌ᠬᠠᠨ ᠬᠥᠭᠵᠢᠯᠲᠡ ᠵᠢᠨ ᠪᠠᠶ᠋ᠢᠳᠠᠯ᠎ᠢ ᠢᠯᠡᠷᠡᠭᠦᠯᠪᠡ᠃

      ᠲᠤᠰ ᠤᠳᠠᠭ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠠᠮᠵᠢᠭᠤᠯᠵᠤ᠂ ᠲᠥᠪ᠎ᠤᠨ ᠨᠥᠬᠥᠳ 《ᠬᠠᠷᠢᠯᠴᠠᠨ ᠰᠠᠯᠵᠤ ᠴᠢᠳᠠᠬᠤ ᠦᠭᠡᠢ》 ᠭᠡᠬᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠳᠠᠬᠢᠨᠲᠠ ᠣᠢ᠌ᠯᠠᠭ᠋ᠠᠵᠤ᠂ ᠤᠯᠠᠨ ᠵᠶ᠋ᠠᠷ ᠵᠶ᠋ᠠᠨ ᠡᠭᠦᠨ᠎ᠤ ᠳᠤᠮᠳᠠ᠎ᠠᠴᠠ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠦᠴᠦᠨ᠎ᠢ ᠰᠢᠩᠭᠡᠬᠡᠨ ᠠᠪᠴᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ ᠠᠵᠢᠯᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠦᠢ᠍ᠯᠡᠰ᠎ᠲᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠯᠠᠭᠤᠴᠤᠳ᠎ᠤᠨ ᠠᠵᠢᠯ᠎ᠤᠨ ᠵᠥᠪᠯᠡᠯ 《ᠨᠠᠮ᠎ᠤᠨ ᠪᠠᠢ᠌ᠭᠤᠯᠤᠯᠲᠠ᠎ᠪᠠᠷ ᠬᠣᠰᠢᠭᠤᠴᠢ ᠵᠢ ᠬᠥᠲᠥᠯᠥᠨ ᠳᠠᠭ᠋ᠠᠭᠤᠯᠵᠤ ᠰᠢᠨ᠎ᠡ ᠠᠶᠠᠨ᠎ᠳᠤ ᠮᠣᠷᠳᠠᠬᠤ》 ᠭᠣᠣᠯ ᠰᠡᠳᠦᠪᠲᠦ ᠡᠪᠯᠡᠯ᠎ᠤᠨ ᠪᠠᠢ᠌ᠭᠤᠯᠤᠯᠲᠠ ᠵᠢᠨ ᠰᠢᠷᠢᠰ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ 2024 ᠣᠨ᠎ᠤ ᠨᠢᠭᠡᠳᠦᠭᠡᠷ ᠬᠤᠭᠤᠴᠠᠭ᠋ᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ᠎ᠬᠢᠨ ᠠᠯᠪᠠᠨ ᠪᠢᠴᠢᠭ᠎ᠤᠨ ᠰᠢᠢ᠍ᠳᠪᠦᠷᠢᠯᠡᠯᠲᠡ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠲᠠᠢ᠌ᠯᠤᠮᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠨᠠᠮ᠎ᠤᠨ ᠡᠭᠦᠷ ᠪᠣᠯᠣᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠠᠩᠬᠠᠳᠤᠭ᠋ᠠᠷ ᠬᠤᠭᠤᠴᠠᠭ᠋ᠠᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠬᠢᠯᠡᠪᠡ
 
             蒙ICP备05000248号