ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠵᠢ ᠴᠢᠨᠠᠭᠰᠢᠳᠠ ᠴᠢᠩᠭ᠋ᠠᠳᠬᠠᠵᠤ᠂ ᠰᠤᠷᠤᠯᠴᠠᠬᠤ᠎ᠪᠠᠷ ᠬᠡᠷᠡᠭᠵᠢᠭᠦᠯᠬᠦ ᠵᠢ ᠠᠬᠢᠭᠤᠯᠵᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠵᠢᠨ ᠲᠥᠯᠥᠭᠡ᠂ ᠥᠷᠭᠡᠨ ᠤᠯᠠᠨ ᠵᠠᠯᠠᠭᠤ ᠺᠠᠳ᠋ᠷᠴᠤᠳ᠎ᠢ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ ᠵᠢ ᠬᠥᠲᠥᠯᠥᠨ ᠳᠠᠭ᠋ᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠵᠤ᠂ ᠭᠦᠨᠵᠡᠭᠡᠢ ᠰᠤᠷᠤᠯᠴᠠᠵᠦ ᠨᠡᠪᠲᠡᠷᠡᠲᠡᠯ᠎ᠡ ᠣᠢ᠌ᠯᠠᠭ᠋ᠠᠨ ᠦᠢ᠍ᠯᠡᠳᠦᠯᠭᠡᠵᠢᠭᠦᠯᠬᠦ ᠵᠢ ᠬᠥᠲᠥᠯᠥᠨ ᠳᠠᠭ᠋ᠠᠭᠤᠯᠪᠠ᠃ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠯᠠᠭᠤᠴᠤᠳ᠎ᠤᠨ ᠠᠵᠢᠯ᠎ᠤᠨ ᠵᠥᠪᠯᠡᠯ 《ᠨᠠᠮ᠎ᠤᠨ ᠪᠠᠢ᠌ᠭᠤᠯᠤᠯᠲᠠ᠎ᠪᠠᠷ ᠬᠣᠰᠢᠭᠤᠴᠢ ᠵᠢ ᠬᠥᠲᠥᠯᠥᠨ ᠳᠠᠭ᠋ᠠᠭᠤᠯᠵᠤ ᠰᠢᠨ᠎ᠡ ᠠᠶᠠᠨ᠎ᠳᠤ ᠮᠣᠷᠳᠠᠬᠤ》 ᠭᠣᠣᠯ ᠰᠡᠳᠦᠪᠲᠦ ᠪᠦᠯᠬᠦᠮ᠎ᠤᠨ ᠪᠠᠢ᠌ᠭᠤᠯᠤᠯᠲᠠ ᠵᠢᠨ ᠰᠢᠷᠢᠰ ᠠᠵᠢᠯᠯᠠᠭ᠎ᠠ ᠵᠢ ᠥᠷᠨᠢᠭᠦᠯᠵᠦ᠂ ᠤᠨᠤᠯ᠎ᠤᠨ ᠮᠡᠳᠡᠯᠭᠡ ᠵᠢᠨ ᠰᠤᠷᠤᠯᠴᠠᠯᠭ᠎ᠠ᠂ ᠭᠡᠷ᠎ᠤᠨ ᠭᠠᠳᠠᠨ᠎ᠠ ᠥᠷᠭᠡᠳᠬᠡᠨ ᠪᠣᠯᠪᠠᠰᠤᠷᠠᠭᠤᠯᠬᠤ᠂ ᠵᠢᠯᠣᠭᠣᠴᠢ ᠦᠭᠡᠢ ᠨᠢᠰᠬᠡᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠤᠶᠠᠯᠳᠤᠭᠤᠯᠬᠤ᠎ᠪᠠᠷ ᠠᠭᠤᠯᠭ᠎ᠠ᠎ᠪᠠᠨ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 40 ᠭᠠᠷᠤᠢ ᠵᠠᠯᠠᠭᠤ ᠺᠠᠳ᠋ᠷ ᠪᠦᠬᠦ ᠶᠠᠪᠤᠴᠠ᠎ᠪᠠᠷ ᠠᠵᠢᠯᠯᠠᠭ᠎ᠠ᠎ᠳᠤ ᠣᠷᠣᠯᠴᠠᠪᠠ᠃
ᠡᠪᠯᠡᠯ᠎ᠤᠨ ᠪᠠᠢ᠌ᠭᠤᠯᠤᠯᠲᠠ ᠵᠢᠨ ᠰᠢᠷᠢᠰ ᠠᠵᠢᠯᠯᠠᠭ᠎ᠠ ᠵᠢᠨ ᠨᠢᠭᠡᠳᠦᠭᠡᠷ ᠱᠠᠲᠤᠨ᠎ᠳᠤ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠫᠷᠣᠹᠧᠰᠰᠣᠷ ᠲᠤᠰᠬᠠᠢ ᠮᠡᠷᠭᠡᠵᠢᠯᠲᠡᠨ᠎ᠢ ᠤᠷᠢᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠬᠢᠨᠠᠨ ᠬᠡᠮᠵᠢᠯᠲᠡ᠂ ᠮᠠᠯ ᠪᠡᠯᠴᠢᠭᠡᠷ᠎ᠤᠨ ᠲᠡᠩᠴᠡᠭᠦᠷᠢ ᠵᠢᠨ ᠲᠣᠭ᠋ᠠᠴᠠᠭ᠎ᠠ ᠵᠡᠷᠭᠡ ᠠᠭᠤᠯᠭ᠎ᠠ ᠵᠢᠨ ᠲᠣᠭᠣᠷᠢᠨ᠎ᠳᠤ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠡᠢ᠃ ᠬᠢᠴᠢᠶᠡᠯ᠎ᠨᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ᠌ᠯᠠᠭᠰᠠᠨ ᠠᠵᠢᠯ᠎ᠤᠨ ᠲᠠᠢ᠌ᠯᠤᠮᠵᠢ ᠪᠠ ᠪᠣᠳᠠᠲᠠᠢ ᠪᠣᠯᠪᠠᠰᠤᠷᠠᠯ᠎ᠤᠨ ᠵᠢᠭ᠋ᠠᠨ ᠰᠤᠷᠭ᠋ᠠᠯᠲᠠ᠎ᠲᠠᠢ ᠨᠢᠭᠲᠠ ᠤᠶᠠᠯᠳᠤᠭᠤᠯᠵᠤ᠂ ᠬᠤᠷᠠᠯ᠎ᠳᠤ ᠣᠷᠣᠯᠴᠠᠭᠰᠠᠨ ᠥᠷᠭᠡᠨ ᠤᠯᠠᠨ ᠵᠠᠯᠠᠭᠤ ᠺᠠᠳ᠋ᠷᠴᠤᠳ᠎ᠲᠤ ᠦᠵᠡᠯ ᠰᠠᠨᠠᠭ᠋ᠠᠨ᠎ᠤ ᠴᠤᠭ ᠰᠦᠯᠳᠡ ᠵᠢ ᠰᠡᠷᠭᠦᠭᠡᠬᠦ᠂ ᠠᠵᠢᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ᠂ ᠴᠢᠳᠠᠪᠤᠷᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ 《ᠤᠨᠤᠯ᠎ᠤᠨ ᠦᠪᠡᠳᠡᠭᠰᠢ ᠳᠠᠢ᠌ᠯᠠᠯᠭ᠎ᠠ》 ᠵᠢ ᠠᠪᠴᠢᠷᠠᠭᠰᠠᠨ ᠪᠠᠢ᠌ᠨ᠎ᠠ᠃
ᠬᠣᠶᠠᠳᠤᠭ᠋ᠠᠷ ᠱᠠᠲᠤᠨ᠎ᠳᠤ ᠥᠷᠭᠡᠳᠬᠡᠨ ᠪᠣᠯᠪᠠᠰᠤᠷᠠᠭᠤᠯᠬᠤ ᠪᠠ ᠵᠢᠯᠣᠭᠣᠴᠢ ᠦᠭᠡᠢ ᠨᠢᠰᠬᠡᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠪᠡ᠃ 《ᠬᠦᠴᠦ᠎ᠪᠠᠨ ᠬᠠᠮᠲᠤᠳᠬᠠᠨ ᠰᠤᠪᠤᠷᠭ᠎ᠠ ᠪᠠᠢ᠌ᠭᠤᠯᠬᠤ》 ᠪᠠ 《ᠰᠤᠪᠤᠳ ᠡᠷᠳᠡᠨᠢ ᠲᠦᠮᠡᠨ ᠭᠠᠵᠠᠷ ᠠᠶᠠᠯᠠᠬᠤ》 ᠪᠣᠯᠪᠠᠰᠤᠷᠠᠯ᠎ᠤᠨ ᠭᠣᠭᠴᠣᠭ᠎ᠠ ᠵᠢ ᠥᠷᠭᠡᠳᠬᠡᠵᠦ᠂ ᠡᠯ᠎ᠡ ᠳᠤᠭᠤᠢ᠌ᠯᠠᠩ᠎ᠤᠨ ᠭᠡᠰᠢᠭᠦᠳ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠥᠪᠡᠷ ᠥᠪᠡᠷ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠤᠷ᠎ᠠ ᠮᠡᠷᠭᠡᠵᠢᠯ ᠵᠶ᠋ᠡᠨ ᠳ᠋ᠦᠩᠨᠡᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠬᠤ ᠪᠦᠯᠬᠦᠮ ᠨᠠᠢ᠌ᠳᠠ ᠵᠢᠨ ᠵᠣᠷᠢᠭ ᠰᠠᠨᠠᠭ᠎ᠠ ᠵᠢ ᠪᠠᠳᠠᠷᠠᠭᠤᠯᠪᠠ᠃ ᠵᠢᠯᠣᠭᠣᠴᠢ ᠦᠭᠡᠢ ᠨᠢᠰᠬᠡᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠤ ᠠᠵᠢᠯᠯᠠᠭ᠎ᠠ᠎ᠳᠤ᠂ ᠤᠷᠤᠯᠳᠤᠭ᠋ᠠᠨ᠎ᠳᠤ ᠣᠷᠣᠯᠴᠠᠭᠰᠠᠳ ᠤᠷᠢᠳᠴᠢᠯᠠᠨ ᠲᠣᠬᠢᠷᠠᠭᠤᠯᠤᠭᠰᠠᠨ ᠨᠢᠰᠦᠯᠲᠡ ᠵᠢᠨ ᠵᠠᠮ ᠱᠤᠭᠤᠮ᠎ᠤᠨ ᠶᠣᠰᠣᠭ᠋ᠠᠷ ᠠᠭ᠋ᠠᠷ᠎ᠠᠴᠠ ᠰᠡᠭᠦᠳᠡᠷᠯᠡᠬᠦ ᠲᠥᠬᠦᠭᠡᠷᠦᠮᠵᠢ ᠵᠢ ᠪᠣᠯᠪᠠᠰᠤᠷᠠᠩᠭᠤᠢ ᠡᠵᠡᠮᠳᠡᠵᠦ᠂ ᠵᠠᠮ ᠱᠤᠭᠤᠮ᠎ᠤᠨ ᠳᠤᠮᠳᠠᠬᠢ 《ᠠᠮᠢ》 《ᠠᠬᠤᠢ》 《ᠣᠷᠴᠢᠨ》 《ᠲᠣᠭᠣᠷᠢᠨ》 《ᠬᠠᠮᠠᠭ᠋ᠠᠯᠠᠬᠤ》 ᠵᠡᠷᠭᠡ ᠲᠡᠮᠳᠡᠭ᠎ᠲᠠᠢ ᠴᠡᠭ᠎ᠲᠤ ᠴᠠᠭ ᠬᠢᠵᠠᠭ᠋ᠠᠷᠯᠠᠨ᠂ ᠡᠷᠭᠢᠯᠳᠦᠭᠦᠯᠬᠦ᠂ ᠴᠡᠭ ᠲᠣᠭᠲᠠᠭ᠋ᠠᠬᠤ ᠵᠡᠷᠭᠡ ᠵᠢᠷᠤᠮᠵᠢᠯ᠎ᠲᠠᠢ ᠰᠡᠭᠦᠳᠡᠷᠯᠡᠭᠰᠡᠨ ᠲᠡᠮᠳᠡᠭᠯᠡᠯ ᠬᠢᠪᠡ᠃ 《ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠵᠤ᠂ ᠰᠤᠷᠤᠯᠴᠠᠯᠭ᠎ᠠ ᠤᠷᠤᠯᠳᠤᠭ᠋ᠠᠨ᠎ᠢ ᠤᠶᠠᠯᠳᠤᠭᠤᠯᠬᠤ》 ᠥᠷᠢᠰᠥᠯᠳᠦᠭᠡᠨ᠎ᠤ ᠬᠡᠯᠪᠡᠷᠢ᠎ᠪᠠᠷ ᠳᠠᠮᠵᠢᠭᠤᠯᠤᠨ᠂ ᠤᠯᠠᠨ᠎ᠤ ᠵᠢᠯᠣᠭᠣᠴᠢ ᠦᠭᠡᠢ ᠨᠢᠰᠬᠡᠯ᠎ᠢ ᠪᠣᠳᠠᠲᠠᠢ ᠠᠵᠢᠯᠯᠠᠭᠤᠯᠬᠤ ᠢᠳᠡᠪᠬᠢᠵᠢᠯ᠎ᠢ ᠪᠦᠲᠦᠮᠵᠢᠲᠡᠢ ᠳᠠᠶ᠋ᠢᠴᠢᠯᠠᠵᠤ᠂ ᠵᠢᠯᠣᠭᠣᠴᠢ ᠦᠭᠡᠢ ᠨᠢᠰᠬᠡᠯ᠎ᠤᠨ ᠠᠭ᠋ᠠᠷ᠎ᠠᠴᠠ ᠰᠡᠭᠦᠳᠡᠷᠯᠡᠬᠦ ᠠᠵᠢᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠠᠬᠢ ᠪᠣᠳᠠᠲᠤ ᠬᠡᠷᠡᠭᠯᠡᠭᠡᠨ᠎ᠤ ᠤᠷ᠎ᠠ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠪᠯᠡᠯ᠎ᠤᠨ ᠪᠠᠢ᠌ᠭᠤᠯᠤᠯᠲᠠ ᠵᠢᠨ ᠠᠵᠢᠯᠯᠠᠭ᠎ᠠ ᠵᠢᠨ ᠶᠠᠪᠤᠴᠠ ᠭᠣᠢ᠌ᠳᠠ ᠰᠠᠢ᠌ᠬᠠᠨ ᠪᠠᠢ᠌ᠵᠤ᠂ ᠤᠷᠤᠯᠳᠤᠭ᠋ᠠᠨ ᠮᠥᠷᠥᠢ᠌ᠴᠡᠭᠡᠨ᠎ᠤ ᠪᠠᠴᠢᠮ ᠠᠭᠤᠷ ᠠᠮᠢᠰᠬᠤᠯ᠎ᠲᠠᠢ ᠪᠠᠶ᠋ᠢᠬᠤ ᠵᠢᠨ ᠬᠠᠮᠲᠤ ᠪᠠᠰᠠ ᠰᠢᠨ᠎ᠡ ᠤᠷ᠎ᠠ ᠮᠡᠷᠭᠡᠵᠢᠯ᠎ᠢ ᠬᠡᠷᠡᠭᠯᠡᠬᠦ ᠢᠳᠡᠪᠬᠢᠲᠡᠢ ᠰᠦᠪᠡᠭᠴᠢᠯᠡᠯᠲᠡ ᠬᠢᠵᠦ᠂ ᠪᠥᠬᠥ ᠬᠥᠮᠥᠰ ᠰᠡᠳᠬᠢᠯ ᠲᠠᠯᠪᠢᠨ ᠣᠷᠣᠯᠴᠠᠵᠤ᠂ ᠬᠠᠷᠢᠯᠴᠠᠨ ᠵᠣᠷᠢᠭᠵᠢᠭᠤᠯᠵᠤ᠂ ᠬᠠᠯᠠᠭᠤᠨ ᠵᠶ᠋ᠠᠷ ᠬᠤᠪᠢᠶᠠᠯᠴᠠᠪᠠ᠃
ᠲᠣᠰ ᠤᠳᠠᠭ᠋ᠠᠨ᠎ᠤ ᠭᠣᠣᠯ ᠰᠡᠳᠦᠪᠲᠦ ᠪᠦᠯᠬᠦᠮ ᠪᠠᠢ᠌ᠭᠤᠯᠬᠤ ᠰᠢᠷᠢᠰ ᠠᠵᠢᠯᠯᠠᠭ᠎ᠠ᠎ᠨᠢ ᠠᠮᠢ ᠠᠬᠤᠢ ᠵᠢᠨ ᠣᠷᠴᠢᠨ ᠨᠥᠬᠥᠴᠡᠯ᠎ᠤᠨ ᠰᠢᠰᠲ᠋ᠧᠮ᠎ᠤᠨ ᠵᠠᠯᠠᠭᠤ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠥᠪᠥᠷ ᠮᠣᠩᠭᠣᠯ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ ᠪᠠᠢ᠌ᠭᠤᠯᠬᠤ ᠡᠭᠦᠷᠭᠡ ᠵᠢᠨ ᠭᠣᠣᠯᠯᠠᠬᠤ ᠦᠵᠡᠯ ᠰᠠᠨᠠᠭ᠎ᠠ ᠵᠢ ᠭᠦᠨᠵᠡᠭᠡᠢ ᠣᠢ᠌ᠯᠠᠭ᠋ᠠᠭᠤᠯᠬᠤ᠎ᠳᠤ ᠲᠤᠢ᠌ᠯ᠎ᠤᠨ ᠴᠢᠬᠤᠯᠠ ᠤᠬᠠᠭᠤᠯᠭ᠎ᠠ ᠵᠢᠨ ᠠᠴᠢ ᠬᠣᠯᠪᠣᠭᠳᠠᠯ᠎ᠲᠠᠢ ᠶᠤᠮ᠃ ᠤᠯᠠᠨ ᠵᠶ᠋ᠠᠷ ᠵᠶ᠋ᠠᠨ᠂ ᠡᠪᠯᠡᠯ᠎ᠤᠨ ᠪᠠᠢ᠌ᠭᠤᠯᠤᠯᠲᠠ ᠵᠢᠨ ᠠᠵᠢᠯᠯᠠᠭ᠎ᠠ ᠳᠤᠮᠳᠠᠬᠢ ᠬᠠᠮᠵᠢᠯᠴᠠᠬᠤ ᠵᠣᠷᠢᠭ ᠰᠠᠨᠠᠭ᠎ᠠ᠂ ᠦᠢ᠍ᠯᠡᠴᠢᠯᠡᠬᠦ ᠵᠣᠷᠢᠭ ᠰᠠᠨᠠᠭ᠎ᠠ ᠵᠢ ᠪᠣᠳᠠᠲᠠᠢ ᠠᠵᠢᠯ᠎ᠤᠨ ᠳᠤᠮᠳᠠ᠎ᠪᠠᠨ ᠬᠡᠷᠡᠭᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ ᠪᠠᠢ᠌ᠭᠤᠯᠬᠤ ᠶᠡᠬᠡ ᠲᠠᠯ᠎ᠠ ᠵᠢᠨ ᠤᠬᠠᠮᠰᠠᠷ᠎ᠢ ᠡᠷᠡᠰ ᠪᠤᠢ ᠪᠣᠯᠭ᠋ᠠᠵᠤ᠂ 《ᠤᠯᠤᠰ᠎ᠤᠨ ᠲᠣᠮᠣ ᠶᠠᠪᠤᠳᠠᠯ》᠎ᠤᠨ ᠥᠨᠳᠥᠷᠴᠡ᠎ᠠᠴᠠ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠳᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ ᠭᠡᠵᠦ ᠢᠯᠡᠳᠬᠡᠵᠡᠭᠡᠪᠡ᠃