ᠲᠥᠪ᠎ᠤᠨ ᠺᠠᠳ᠋ᠷ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠴᠢᠩᠭ᠋ᠠᠳᠬᠠᠵᠤ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ᠂ ᠣᠨᠣᠪᠴᠢᠲᠤ ᠴᠢᠨᠠᠷ᠎ᠢ ᠳᠡᠬᠡᠭᠰᠢᠯᠡᠬᠦᠯᠬᠦ ᠵᠢᠨ ᠲᠥᠯᠥᠭᠡ᠂ 12 ᠰᠠᠷ᠎ᠠ ᠵᠢᠨ 20᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠠᠴᠠ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ᠎ᠤᠨ ᠰᠤᠳᠤᠯᠭ᠋ᠠᠨ᠎ᠤ ᠭᠠᠵᠠᠷ᠎ᠤᠨ ᠯᠢ ᠫᠢᠩ ᠫᠷᠣᠹᠧᠰᠰᠣᠷ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠳᠡᠭᠦᠯᠢᠨ ᠨᠥᠬᠥᠷ᠎ᠢ ᠤᠷᠢᠵᠤ ᠮᠠᠯ ᠪᠡᠯᠴᠢᠭᠡᠷ᠎ᠤᠨ ᠲᠡᠩᠴᠡᠭᠦᠷᠢ ᠵᠢᠨ ᠲᠣᠭ᠋ᠠᠴᠠᠭ᠎ᠠ ᠵᠢᠴᠢ ᠭᠠᠵᠠᠷ ᠵᠦᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠵᠥᠭᠡᠯᠡᠨ ᠲᠣᠨᠣᠭ᠎ᠤᠨ ᠪᠤᠯᠪᠠᠰᠤᠷᠠᠯ᠎ᠤᠨ ᠲᠠᠢ᠌ᠯᠤᠮᠵᠢ ᠬᠢᠪᠡ᠃
ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠳᠦᠷᠢᠮ᠎ᠢ ᠪᠡᠯᠴᠢᠭᠡᠷ᠎ᠤᠨ ᠳᠠᠭ᠋ᠠᠭ᠋ᠠᠴᠠ ᠵᠢ ᠵᠦᠢ ᠵᠣᠬᠢᠰᠲᠠᠢ ᠬᠢᠨᠠᠨ ᠲᠣᠭᠲᠠᠭ᠋ᠠᠬᠤ᠎ᠳᠤ ᠬᠡᠷᠡᠭᠯᠡᠵᠦ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠤᠮᠳᠠ ᠨᠤᠲᠤᠭ ᠪᠡᠯᠴᠢᠭᠡᠷ᠎ᠤᠨ ᠪᠡᠯᠴᠢᠭᠡᠷ᠎ᠠᠴᠠ ᠬᠡᠲᠦᠷᠡᠭᠰᠡᠨ ᠡᠰᠡᠬᠦ ᠵᠢ ᠮᠠᠭ᠋ᠠᠳᠯᠠᠨ ᠲᠣᠭᠲᠠᠭ᠋ᠠᠬᠤ᠎ᠳᠤ ᠴᠢᠬᠤᠯᠠ ᠦᠢ᠍ᠯᠡᠳᠦᠯ᠎ᠲᠠᠢ ᠶᠤᠮ᠃ ᠲᠠᠢ᠌ᠯᠤᠮᠵᠢ᠎ᠳᠤ᠂ ᠯᠢ ᠫᠢᠩ ᠫᠷᠣᠹᠧᠰᠰᠣᠷ ᠮᠠᠯ ᠪᠡᠯᠴᠢᠭᠡᠷ᠎ᠤᠨ ᠲᠡᠩᠴᠡᠭᠦᠷᠢ ᠵᠢᠨ ᠲᠣᠭ᠋ᠠᠴᠠᠭ᠎ᠠ ᠬᠢᠭᠰᠡᠨ ᠠᠬᠤᠢ ᠪᠠᠶ᠋ᠢᠳᠠᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠲᠣᠬᠢᠷᠠᠭᠤᠯᠤᠨ ᠡᠵᠡᠮᠳᠡᠬᠦ ᠠᠷᠭ᠎ᠠ ᠵᠡᠷᠭᠡ ᠠᠭᠤᠯᠭ᠎ᠠ ᠵᠢ ᠲᠠᠨᠢᠯᠴᠠᠭᠤᠯᠵᠤ᠂ ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠣᠳᠣᠬᠢ ᠪᠠᠶ᠋ᠢᠳᠠᠯ᠎ᠲᠠᠢ ᠤᠶᠠᠯᠳᠤᠭᠤᠯᠤᠨ ᠡᠪᠡᠰᠦ ᠪᠣᠷᠳᠣᠭ᠎ᠠ ᠵᠢᠨ ᠬᠠᠩᠭ᠋ᠠᠯᠭ᠎ᠠ ᠵᠢᠨ ᠬᠡᠮᠵᠢᠶ᠎ᠡ ᠵᠢᠨ ᠲᠣᠭ᠋ᠠᠴᠠᠭ᠎ᠠ ᠬᠢᠬᠦ ᠠᠷᠭ᠎ᠠ᠂ ᠭᠡᠷ᠎ᠤᠨ ᠲᠡᠵᠢᠭᠡᠪᠦᠷᠢ ᠵᠢᠨ ᠡᠪᠡᠰᠦ ᠪᠣᠷᠳᠣᠭ᠎ᠠ ᠵᠢᠨ ᠬᠡᠷᠡᠭᠴᠡᠭᠡᠨ᠎ᠤ ᠬᠡᠮᠵᠢᠶ᠎ᠡ ᠵᠢᠨ ᠲᠣᠭ᠋ᠠᠴᠠᠭ᠎ᠠ ᠬᠢᠬᠦ ᠠᠷᠭ᠎ᠠ᠂ ᠮᠠᠯ ᠪᠡᠯᠴᠢᠭᠡᠷ᠎ᠤᠨ ᠲᠡᠩᠴᠡᠭᠦᠷᠢ ᠵᠢᠨ ᠲᠣᠭ᠋ᠠᠴᠠᠭ᠎ᠠ ᠬᠢᠬᠦ ᠠᠷᠭ᠎ᠠ᠂ ᠭᠡᠷ᠎ᠤᠨ ᠲᠡᠵᠢᠭᠡᠪᠦᠷᠢ ᠵᠢᠨ ᠪᠠᠷᠢᠮᠵᠢᠶᠠᠲᠤ ᠬᠣᠨᠢᠨ᠎ᠤ ᠨᠢᠭᠡᠴᠢ ᠵᠢ ᠨᠤᠭᠤᠯᠤᠨ ᠪᠤᠳᠤᠬᠤ ᠢᠯᠡᠳᠬᠡᠮᠵᠢ ᠵᠢᠴᠢ ᠠᠳᠠᠯᠢ ᠪᠤᠰᠤ ᠪᠠᠶ᠋ᠢᠳᠠᠯ ᠳᠣᠣᠷᠠᠬᠢ ᠲᠣᠭ᠋ᠠᠴᠠᠭ᠎ᠠ ᠬᠢᠬᠦ ᠠᠷᠭ᠎ᠠ ᠵᠢ ᠭᠣᠣᠯᠳᠠᠯᠭ᠎ᠠ᠎ᠲᠠᠢ ᠲᠠᠢ᠌ᠯᠪᠤᠷᠢᠯᠠᠪᠠ᠃
ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠤᠮᠳᠠ ᠭᠠᠵᠠᠷ ᠵᠦᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠵᠥᠭᠡᠯᠡᠨ ᠲᠣᠨᠣᠭ᠎ᠢ ᠬᠡᠷᠡᠭᠯᠡᠪᠡᠯ ᠠᠮᠢ ᠠᠬᠤᠢ ᠵᠢᠨ ᠬᠦᠷᠢᠶᠡᠨ᠎ᠤ ᠡᠯ᠎ᠡ ᠳᠦᠷᠦᠯ᠎ᠤᠨ ᠣᠷᠣᠨ ᠵᠠᠢ ᠵᠢᠨ ᠲᠣᠭ᠎ᠠ ᠪᠠᠷᠢᠮᠲᠠ ᠵᠢ ᠲᠦᠷᠭᠡᠨ ᠵᠠᠳᠠᠯᠬᠤ ᠪᠠ ᠦᠵᠡᠭᠳᠡᠬᠦᠢ᠌ᠴᠡ ᠪᠣᠯᠭ᠋ᠠᠵᠤ ᠴᠢᠳᠠᠨ᠎ᠠ᠃ ᠳᠡᠭᠦᠯᠢᠨ ᠨᠥᠬᠥᠷ ᠠᠯᠤᠰ ᠰᠡᠷᠡᠯ᠎ᠤᠨ ᠬᠢᠨᠠᠨ ᠬᠡᠮᠵᠢᠯᠲᠡ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠶᠠᠪᠤᠴᠠ᠎ᠳᠠᠬᠢ ᠬᠡᠷᠡᠭᠯᠡᠭᠡᠨ᠎ᠤ ᠲᠠᠯ᠎ᠠ᠎ᠪᠠᠷ ᠠᠯᠤᠰ ᠰᠡᠷᠡᠯ᠎ᠤᠨ ᠳᠦᠷᠰᠦ ᠰᠢᠩᠭᠡᠭᠡᠯᠲᠡ᠂ ᠸᠧᠺᠲ᠋ᠣᠷᠴᠢᠯᠠᠯᠳᠠ ᠪᠣᠯᠣᠨ ᠵᠥᠭᠡᠯᠡᠨ ᠬᠡᠷᠡᠭᠰᠡᠯ᠎ᠤᠨ ᠵᠢᠷᠤᠭᠯᠠᠯᠲᠠ ᠵᠡᠷᠭᠡ ᠤᠨᠤᠯ᠎ᠤᠨ ᠮᠡᠳᠡᠯᠭᠡ ᠵᠢ ᠲᠣᠪᠴᠢ ᠲᠠᠨᠢᠯᠴᠠᠭᠤᠯᠵᠠᠢ᠃ ᠪᠠᠶᠠᠨᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠭᠰᠠᠨ ᠪᠣᠳᠠᠲᠤ ᠵᠢᠱ᠌ᠢᠶ᠎ᠡ᠎ᠲᠠᠢ ᠤᠶᠠᠯᠳᠤᠭᠤᠯᠤᠨ ᠭᠠᠵᠠᠷ ᠵᠦᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠵᠥᠭᠡᠯᠡᠨ ᠲᠣᠨᠣᠭ᠎ᠤᠨ ᠠᠭᠤᠷᠬᠠᠢ ᠵᠢᠨ ᠡᠷᠬᠡ᠎ᠠᠴᠠ᠎ᠪᠠᠨ ᠳᠠᠪᠠᠵᠤ ᠨᠡᠭᠡᠭᠡᠨ ᠮᠠᠯᠲᠠᠬᠤ᠂ ᠪᠠᠭ᠎ᠠ ᠬᠡᠪᠴᠢᠶ᠎ᠡ ᠵᠢ ᠵᠥᠪᠰᠢᠶᠡᠷᠡᠵᠦ ᠶᠡᠬᠡ ᠬᠡᠪᠴᠢᠶ᠎ᠡ ᠵᠢ ᠪᠠᠢ᠌ᠭᠤᠯᠬᠤ ᠣᠷᠣᠨ ᠪᠠᠶ᠋ᠢᠷᠢ ᠵᠢ ᠲᠣᠭᠲᠠᠭ᠋ᠠᠬᠤ ᠵᠢᠴᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠲᠣᠭᠲᠠᠭ᠋ᠠᠯ᠎ᠠᠴᠠ ᠵᠥᠷᠢᠴᠡᠨ ᠦᠢ᠍ᠯᠡᠳᠪᠦᠷᠢᠯᠡᠵᠦ ᠪᠦᠲᠦᠭᠡᠨ ᠪᠠᠢ᠌ᠭᠤᠯᠬᠤ ᠠᠵᠢᠯᠯᠠᠭ᠎ᠠ ᠵᠢᠨ ᠵᠢᠷᠤᠭ ᠳᠦᠷᠰᠦ ᠵᠢ ᠰᠢᠭᠰᠢᠨ ᠪᠠᠢ᠌ᠴᠠᠭ᠋ᠠᠬᠤ ᠵᠢ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠪᠡ᠃
ᠤᠯᠠᠨ ᠵᠶ᠋ᠠᠷ ᠵᠶ᠋ᠠᠨ᠂ ᠲᠤᠰ ᠤᠳᠠᠭ᠎ᠠ ᠵᠢᠨ ᠲᠠᠢ᠌ᠯᠤᠮᠵᠢ᠎ᠳᠤ ᠶᠡᠬᠡ ᠣᠯᠣᠯᠲᠠ᠎ᠲᠠᠢ ᠪᠠᠢ᠌ᠵᠤ᠂ ᠥᠪᠥᠷ ᠮᠣᠩᠭᠣᠯ᠎ᠤᠨ ᠮᠠᠯ ᠪᠡᠯᠴᠢᠭᠡᠷ᠎ᠤᠨ ᠲᠡᠩᠴᠡᠭᠦᠷᠢ ᠵᠢᠨ ᠪᠠᠶ᠋ᠢᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠵᠤ᠂ ᠮᠠᠯ ᠪᠡᠯᠴᠢᠭᠡᠷ᠎ᠤᠨ ᠲᠡᠩᠴᠡᠭᠦᠷᠢ ᠵᠢᠨ ᠲᠣᠭ᠋ᠠᠴᠠᠭ᠎ᠠ ᠬᠢᠬᠦ ᠵᠡᠷᠭᠡ ᠠᠷᠭ᠎ᠠ ᠵᠢ ᠰᠤᠷᠤᠯᠴᠠᠬᠤ ᠵᠢᠨ ᠬᠠᠮᠲᠤ᠂ ᠠᠯᠤᠰ ᠰᠡᠷᠡᠯ᠎ᠤᠨ ᠮᠡᠷᠭᠡᠵᠢᠯ᠎ᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠳᠤ ᠬᠡᠷᠡᠭᠯᠡᠬᠦ ᠵᠢ ᠳᠠᠭᠤᠷᠢᠶᠠᠵᠤ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠴᠢᠳᠠᠪᠤᠷᠢ ᠵᠢ ᠥᠷᠭᠡᠳᠬᠡᠵᠦ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ ᠪᠣᠯᠣᠨ ᠣᠨᠣᠪᠴᠢᠲᠤ ᠴᠢᠨᠠᠷ᠎ᠲᠤ ᠤᠯᠠᠮ ᠴᠢᠨᠠᠭᠰᠢᠳᠠ ᠪᠠᠲᠤ ᠪᠡᠬᠢ ᠰᠠᠭᠤᠷᠢ ᠲᠠᠯᠪᠢᠵᠤ ᠥᠭᠴᠡᠢ ᠭᠡᠵᠦ ᠢᠯᠡᠳᠬᠡᠵᠡᠭᠡᠪᠡ᠃