ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠦᠷᠦᠯ ᠵᠦᠢ᠍ᠯ᠎ᠤᠨ ᠳᠤᠮᠳᠠ ᠬᠤᠭᠤᠴᠠᠭ᠋ᠠᠨ᠎ᠤ ᠬᠢᠨᠠᠨ ᠲᠣᠭᠲᠠᠭ᠋ᠠᠯᠲᠠ ᠵᠢᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-10-18

      2024 ᠣᠨ᠎ᠤ 9 ᠰᠠᠷ᠎ᠠ ᠵᠢᠨ 23᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ 2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠷᠥᠯ ᠵᠦᠢ᠍ᠯ᠎ᠤᠨ ᠳᠤᠮᠳᠠ ᠬᠤᠭᠤᠴᠠᠭ᠋ᠠᠨ᠎ᠤ ᠬᠢᠨᠠᠨ ᠲᠣᠭᠲᠠᠭ᠋ᠠᠯᠲᠠ ᠵᠢᠨ ᠬᠤᠷᠠᠯ ᠬᠤᠷᠠᠯᠳᠤᠭᠤᠯᠪᠠ᠃ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠩᠭᠢᠯᠠᠭ᠎ᠠ ᠵᠢᠨ ᠠᠰᠠᠭᠤᠳᠠᠯ᠎ᠤᠨ ᠰᠤᠳᠤᠯᠭ᠋ᠠᠨ ᠵᠢᠴᠢ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ》᠂ 《ᠨᠡᠭᠦᠷᠡᠰᠦ᠎ᠪᠠᠷ ᠰᠠᠭᠤᠷᠢ ᠪᠣᠯᠭ᠋ᠠᠭᠰᠠᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠵᠢ ᠦᠨᠡᠯᠡᠬᠦ ᠵᠦᠭᠯᠡᠭᠦᠷ᠎ᠤᠨ ᠰᠤᠳᠤᠯᠭ᠋ᠠᠨ》᠂ 《ᠥᠪᠥᠷ ᠮᠣᠩᠭᠣᠯ᠎ᠤᠨ ᠬᠦᠯᠡᠮᠵᠢ ᠵᠢᠨ ᠬᠡᠢ ᠪᠡᠶᠡᠲᠦ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ》 ᠭᠤᠷᠪᠠᠨ ᠳᠦᠷᠦᠯ ᠵᠦᠢ᠍ᠯ᠎ᠤᠨ ᠰᠡᠳᠦᠪ᠎ᠤᠨ ᠬᠠᠷᠢᠭᠤᠴᠠᠯᠭ᠋ᠠᠲᠠᠨ᠎ᠤ ᠰᠡᠳᠦᠪ ᠵᠶ᠋ᠡᠨ ᠪᠡᠶᠡᠯᠡᠭᠦᠯᠦᠭᠰᠡᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠤᠷᠠᠯ᠎ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠵᠠᠰᠠᠪᠤᠷᠢ ᠣᠷᠣᠭᠤᠯᠬᠤ ᠰᠠᠨᠠᠯ ᠳᠤᠷᠠᠳᠴᠠᠢ᠃ ᠬᠤᠷᠠᠯ᠎ᠠᠴᠠ ᠱᠠᠭ᠋ᠠᠷᠳᠠᠭᠰᠠᠨ᠎ᠨᠢ᠄ ᠨᠢᠭᠡ᠎ᠳᠤ ᠡᠯ᠎ᠡ ᠲᠥᠷᠥᠯ ᠵᠦᠢ᠍ᠯ᠎ᠤᠨ ᠳᠤᠭᠤᠢ᠌ᠯᠠᠩ᠎ᠤᠨ᠎ᠬᠢᠨ ᠲᠤᠰᠬᠠᠢ ᠮᠡᠷᠭᠡᠵᠢᠯᠲᠡᠨ᠎ᠤ ᠳᠤᠷᠠᠳᠤᠭᠰᠠᠨ ᠵᠠᠰᠠᠪᠤᠷᠢ ᠣᠷᠣᠭᠤᠯᠬᠤ ᠰᠠᠨᠠᠯ᠎ᠤᠨ ᠶᠣᠰᠣᠭ᠋ᠠᠷ ᠵᠦᠢ᠍ᠯ ᠳᠠᠷᠠᠭ᠋ᠠᠯᠠᠨ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠨ᠎ᠡ᠃ ᠬᠣᠶᠠᠷ᠎ᠲᠤ ᠪᠠᠢ᠌ᠴᠠᠭ᠋ᠠᠨ ᠰᠤᠳᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠳᠣᠬᠢ ᠪᠠᠶ᠋ᠢᠳᠠᠯ᠎ᠤᠨ ᠵᠠᠳᠠᠯᠤᠯᠲᠠ ᠵᠢᠨ ᠬᠠᠮᠢᠶ᠎ᠠ ᠪᠦᠬᠦᠢ ᠠᠭᠤᠯᠭ᠎ᠠ ᠵᠢ ᠲᠡᠭᠦᠯᠳᠡᠷᠵᠢᠭᠦᠯᠦᠨ᠎ᠡ᠃ ᠭᠤᠷᠪᠠ᠎ᠳᠤ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠥᠪᠥᠷ ᠮᠣᠩᠭᠣᠯ᠎ᠤᠨ ᠪᠣᠳᠠᠲᠤ ᠪᠠᠶ᠋ᠢᠳᠠᠯ᠎ᠲᠠᠢ ᠨᠡᠢ᠌ᠴᠡᠭᠦᠯᠵᠦ᠂ ᠨᠠᠩ ᠢᠯᠡᠭᠦᠦ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ ᠪᠣᠯᠭ᠋ᠠᠵᠤ᠂ ᠬᠠᠮᠢᠶᠠᠷᠤᠯᠲᠠ᠎ᠳᠤ ᠦᠨᠡᠨᠬᠦ ᠲᠦᠰᠢᠭ ᠲᠤᠯᠭ᠋ᠠᠭᠤᠷᠢ ᠬᠠᠩᠭ᠋ᠠᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠲᠥᠪ᠂ ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠠᠮᠢᠶ᠎ᠠ ᠪᠦᠬᠦᠢ ᠬᠥᠮᠥᠰ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠵᠢᠯᠲᠠᠨ ᠲᠣᠮᠢᠯᠠᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
《5.4》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠠᠮᠲᠤᠪᠠᠷ ᠴᠣᠭᠴᠠᠯᠠᠨ᠎ᠠ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠦᠵᠡᠭᠦᠯᠬᠦ ᠲᠥᠪ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
 
             蒙ICP备05000248号