ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ᠎ᠬᠢᠨ ᠠᠯᠪᠠᠨ ᠪᠢᠴᠢᠭ᠎ᠤᠨ ᠰᠢᠢ᠍ᠳᠪᠦᠷᠢᠯᠡᠯᠲᠡ ᠵᠢᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠲᠠᠢ᠌ᠯᠤᠮᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-03-22

      《ᠨᠠᠮ ᠵᠠᠰᠠᠭ᠎ᠤᠨ ᠪᠠᠢ᠌ᠭᠤᠯᠭ᠎ᠠ ᠵᠢᠨ ᠠᠯᠪᠠᠨ ᠪᠢᠴᠢᠭ ᠰᠢᠢ᠍ᠳᠪᠦᠷᠢᠯᠡᠬᠦ ᠳᠦᠷᠢᠮ》 ᠪᠣᠯ ᠨᠠᠮ ᠵᠠᠰᠠᠭ᠎ᠤᠨ ᠪᠠᠢ᠌ᠭᠤᠯᠭ᠎ᠠ ᠵᠢᠨ ᠠᠯᠪᠠᠨ ᠪᠢᠴᠢᠭ᠎ᠤᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠠᠯᠪᠠᠨ ᠪᠢᠴᠢᠭ᠎ᠤᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ᠎ᠢ ᠬᠠᠷᠠᠭᠤᠯᠬᠤ ᠵᠢᠨ ᠲᠥᠯᠥᠭᠡ ᠭᠠᠷᠭ᠋ᠠᠭᠰᠠᠨ ᠪᠣᠳᠠᠲᠠᠢ ᠲᠣᠭᠲᠠᠭ᠋ᠠᠯ ᠪᠣᠯᠣᠨ᠎ᠠ᠃ ᠺᠠᠳ᠋ᠷ ᠠᠵᠢᠯᠲᠠᠨ ᠠᠵᠢᠯᠴᠢᠨ᠎ᠤ ᠠᠯᠪᠠᠨ ᠪᠢᠴᠢᠭ ᠵᠣᠬᠢᠶᠠᠨ ᠪᠢᠴᠢᠬᠦ ᠭᠣᠣᠯᠯᠠᠬᠤ ᠴᠢᠳᠠᠪᠤᠷᠢ ᠵᠢᠨ ᠬᠡᠪ ᠪᠣᠯᠪᠠᠰᠤᠷᠠᠯ᠎ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ 《ᠪᠢᠷ ᠪᠠᠷᠢᠵᠤ ᠪᠢᠴᠢᠵᠦ ᠳᠡᠢ᠌ᠯᠬᠦ》 ᠴᠢᠳᠠᠪᠤᠷᠢ ᠵᠢ ᠴᠢᠩᠭ᠋ᠠᠳᠬᠠᠬᠤ ᠵᠢᠨ ᠲᠥᠯᠥᠭᠡ᠂ 3 ᠰᠠᠷ᠎ᠠ ᠵᠢᠨ 14᠎ᠤ ᠡᠳᠦᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠠᠴᠠ 《ᠠᠯᠪᠠᠨ ᠪᠢᠴᠢᠭ ᠰᠢᠢ᠍ᠳᠪᠦᠷᠢᠯᠡᠬᠦ ᠴᠢᠨᠠᠷ ᠴᠢᠨᠰᠠᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠰᠡᠳᠦᠪᠲᠦ ᠲᠠᠢ᠌ᠯᠤᠮᠵᠢ ᠵᠢ ᠵᠣᠬᠢᠶᠠᠨ ᠪᠠᠢ᠌ᠭᠤᠯᠤᠨ ᠥᠷᠨᠢᠭᠦᠯᠪᠡ᠃

      ᠲᠠᠢ᠌ᠯᠤᠮᠵᠢ᠎ᠨᠢ ᠮᠠᠨ᠎ᠤ ᠲᠥᠪ᠎ᠤᠨ ᠵᠠᠯᠠᠭᠤ ᠺᠠᠳ᠋ᠷᠴᠤᠳ᠎ᠤᠨ ᠠᠯᠪᠠᠨ ᠪᠢᠴᠢᠭ᠎ᠤᠨ ᠵᠣᠬᠢᠶᠠᠨ ᠪᠢᠴᠢᠯᠭᠡ᠎ᠳᠤ ᠣᠷᠣᠰᠢᠵᠤ ᠪᠠᠢ᠌ᠭ᠎ᠠ ᠪᠠᠭᠤᠷᠠᠢ ᠲᠠᠯ᠎ᠠ ᠪᠠ ᠬᠦᠴᠢᠷ ᠲᠦᠪᠡᠭ᠎ᠲᠠᠢ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠳᠦᠷ ᠲᠤᠲᠤᠮ᠎ᠤᠨ ᠠᠯᠪᠠᠨ ᠪᠢᠴᠢᠭ᠎ᠲᠤ ᠪᠠᠶ᠋ᠢᠨ ᠳᠠᠬᠢᠨ ᠭᠠᠷᠴᠤ ᠪᠠᠢ᠌ᠭ᠎ᠠ ᠠᠯᠳᠠᠭ᠎ᠠ᠎ᠪᠠᠷ ᠬᠡᠯᠬᠢᠶᠡᠰᠦ ᠪᠣᠯᠭ᠋ᠠᠵᠤ᠂ ᠪᠠᠢ᠌ᠭᠤᠯᠭ᠎ᠠ ᠵᠢᠨ ᠠᠯᠪᠠᠨ ᠪᠢᠴᠢᠭ᠎ᠤᠨ ᠵᠣᠬᠢᠶᠠᠨ ᠪᠢᠴᠢᠯᠭᠡ᠎ᠳᠤ ᠭᠤᠷᠪᠠᠨ ᠲᠠᠯ᠎ᠠ᠎ᠠᠴᠠ ᠭᠦᠨᠵᠡᠭᠡᠢ ᠪᠥᠭᠡᠳ ᠣᠢ᠌ᠯᠠᠭ᠋ᠠᠮᠵᠢᠲᠠᠢ ᠰᠢᠰᠲ᠋ᠧᠮ᠎ᠲᠠᠢ ᠲᠠᠢ᠌ᠯᠪᠤᠷᠢᠯᠠᠯᠲᠠ ᠬᠢᠵᠦ᠂ ᠤᠯᠠᠨ᠎ᠢ ᠬᠥᠲᠥᠯᠥᠨ ᠵᠢᠯᠤᠭᠣᠳᠴᠤ ᠵᠢᠷᠤᠮᠵᠢᠯ᠎ᠲᠠᠢ ᠰᠤᠷᠤᠯᠴᠠᠭᠤᠯᠵᠤ᠂ ᠬᠡᠯᠡ ᠬᠡᠯᠯᠡᠬᠡ ᠵᠢ᠎ᠨᠢ ᠥᠭᠡᠷᠡᠴᠢᠯᠡᠵᠦ᠂ ᠭᠣᠣᠯᠳᠠᠭᠤ ᠨᠠᠮ ᠵᠠᠰᠠᠭ᠎ᠤᠨ ᠪᠠᠢ᠌ᠭᠤᠯᠤᠯᠭ᠎ᠠ ᠵᠢᠨ ᠠᠯᠪᠠᠨ ᠪᠢᠴᠢᠭ ᠰᠢᠢ᠍ᠳᠪᠦᠷᠢᠯᠡᠬᠦ ᠠᠵᠢᠯ᠎ᠤᠨ ᠳᠦᠷᠢᠮ᠎ᠤᠨ ᠲᠣᠭᠣᠷᠢᠨ᠎ᠳᠤ᠂ ᠡᠯ᠎ᠡ ᠳᠦᠷᠦᠯ᠎ᠤᠨ ᠠᠯᠪᠠᠨ ᠪᠢᠴᠢᠭ ᠪᠢᠴᠢᠬᠦ ᠬᠡᠯᠪᠡᠷᠢ᠂ ᠣᠨᠴᠠᠯᠢᠭ ᠵᠢᠴᠢ ᠠᠯᠪᠠᠨ ᠪᠢᠴᠢᠭ ᠶᠠᠪᠤᠭᠤᠯᠬᠤ ᠳᠦᠷᠢᠮ ᠵᠡᠷᠭᠡ ᠵᠢ ᠨᠠᠷᠢᠨ ᠨᠢᠭᠲᠠ ᠶᠠᠷᠢᠵᠤ᠂ ᠠᠯᠪᠠᠨ ᠪᠢᠴᠢᠭ᠎ᠢ ᠬᠢᠨᠠᠨ ᠬᠠᠷᠭᠤᠭᠤᠯᠬᠤ ᠱᠠᠭ᠋ᠠᠷᠳᠠᠯᠭ᠎ᠠ ᠪᠣᠯᠣᠨ ᠪᠠᠢ᠌ᠩᠭᠤ ᠲᠣᠬᠢᠶᠠᠯᠳᠤᠬᠤ ᠠᠰᠠᠭᠤᠳᠠᠯ᠎ᠳᠤ ᠴᠢᠭᠯᠡᠭᠦᠯᠦᠨ᠂ ᠬᠡᠷᠡᠭ᠎ᠤᠨ ᠵᠢᠱ᠌ᠢᠶ᠎ᠡ ᠵᠢ ᠵᠠᠳᠠᠯᠬᠤ ᠵᠢᠴᠢ ᠠᠯᠪᠠᠨ ᠪᠢᠴᠢᠭ ᠪᠢᠴᠢᠬᠦ ᠲᠤᠷᠰᠢᠯᠭ᠎ᠠ ᠵᠢ ᠬᠤᠪᠢᠶᠠᠨ ᠡᠳ᠋ᠯᠡᠬᠦ᠎ᠪᠠᠷ ᠳᠠᠮᠵᠢᠭᠤᠯᠤᠨ ᠠᠯᠪᠠᠨ ᠪᠢᠴᠢᠭ ᠰᠢᠢ᠍ᠳᠪᠦᠷᠢᠯᠡᠬᠦ ᠪᠠ ᠠᠯᠪᠠᠨ ᠪᠢᠴᠢᠭ ᠲᠤᠭᠤᠷᠪᠢᠬᠤ ᠠᠵᠢᠯ᠎ᠢ ᠳᠦᠷᠢᠮᠵᠢᠭᠦᠯᠵᠡᠢ᠃

      ᠪᠤᠯᠪᠠᠰᠤᠷᠠᠯ᠎ᠤᠨ ᠳᠠᠷᠠᠭ᠎ᠠ᠂ ᠤᠯᠠᠨ ᠵᠶ᠋ᠠᠷ ᠵᠶ᠋ᠠᠨ ᠲᠣᠰ ᠤᠳᠠᠭ᠋ᠠᠨ᠎ᠤ ᠪᠤᠯᠪᠠᠰᠤᠷᠠᠯ᠎ᠨᠢ ᠤᠨᠤᠯ᠎ᠤᠨ ᠴᠢᠨᠠᠷ᠂ ᠵᠢᠯᠤᠭᠣᠳᠬᠤ ᠴᠢᠨᠠᠷ ᠪᠠ ᠬᠡᠷᠡᠭᠯᠡᠭᠡᠨ᠎ᠤ ᠴᠢᠨᠠᠷ᠎ᠢ ᠨᠢᠭᠡ ᠴᠣᠭᠴᠠ ᠪᠣᠯᠭ᠋ᠠᠨ᠂ ᠠᠯᠪᠠᠨ ᠪᠢᠴᠢᠭ᠎ᠤᠨ ᠵᠣᠬᠢᠶᠠᠨ ᠪᠢᠴᠢᠯᠭᠡ᠎ᠳᠤ ᠨᠠᠩ ᠪᠥᠬᠥ ᠲᠠᠯ᠎ᠠ ᠵᠢᠨ ᠲᠠᠨᠢᠯᠲᠠ᠎ᠲᠠᠢ ᠪᠣᠯᠵᠤ᠂ ᠶᠡᠬᠡ ᠣᠯᠣᠯᠲᠠ᠎ᠲᠠᠢ ᠪᠣᠯᠪᠠ ᠭᠡᠵᠦ ᠢᠯᠡᠳᠬᠡᠪᠡ᠃ ᠳᠠᠷᠠᠭ᠋ᠠᠴᠢ ᠵᠢᠨ ᠠᠯᠬᠤᠮ᠎ᠳᠤ ᠤᠯᠠᠨ ᠵᠶ᠋ᠠᠷ ᠵᠶ᠋ᠠᠨ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ᠂ ᠲᠤᠰ ᠤᠳᠠᠭ᠎ᠠ ᠵᠢᠨ ᠪᠣᠯᠪᠠᠰᠤᠷᠠᠯ᠎ᠳᠤ ᠰᠣᠷᠣᠭᠰᠠᠨ ᠮᠡᠳᠡᠯᠭᠡ᠎ᠪᠠᠨ ᠠᠵᠢᠯ᠎ᠤᠨ ᠳᠤᠮᠳᠠ᠎ᠪᠠᠨ ᠬᠡᠷᠡᠭᠯᠡᠵᠦ᠂ ᠢᠯᠡᠭᠦᠦ ᠪᠢᠴᠢᠵᠦ ᠢᠯᠡᠭᠦᠦ ᠪᠣᠯᠪᠠᠰᠤᠷᠠᠵᠤ᠂ ᠲᠤᠷᠰᠢᠯᠭ᠎ᠠ ᠬᠤᠷᠠᠮᠳᠤᠭᠤᠯᠵᠤ᠂ ᠠᠯᠪᠠᠨ ᠪᠢᠴᠢᠭ᠎ᠤᠨ ᠵᠣᠬᠢᠶᠠᠨ ᠪᠢᠴᠢᠬᠦ ᠴᠢᠳᠠᠪᠤᠷᠢ ᠵᠢᠨ 《ᠳᠣᠲᠣᠷ ᠲᠠᠮᠢᠷ》᠎ᠢ ᠴᠢᠷᠮᠠᠢ᠌ᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ᠌ᠯᠠᠭᠰᠠᠨ ᠠᠵᠢᠯ᠎ᠤᠨ ᠰᠠᠭᠤᠷᠢ ᠵᠢ ᠪᠠᠲᠤᠳᠬᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠨᠠᠮ᠎ᠤᠨ ᠡᠭᠦᠷ ᠪᠣᠯᠣᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠠᠩᠬᠠᠳᠤᠭ᠋ᠠᠷ ᠬᠤᠭᠤᠴᠠᠭ᠋ᠠᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠬᠢᠯᠡᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠭᠧᠷᠮᠠᠨ᠎ᠤ ᠬᠣᠯᠪᠣᠭ᠋ᠠᠨ᠎ᠤ ᠣᠷᠴᠢᠨ ᠲᠣᠭᠣᠷᠢᠨ᠂ ᠪᠠᠶ᠋ᠢᠭ᠋ᠠᠯᠢ ᠵᠢᠨ ᠬᠠᠮᠠᠭ᠋ᠠᠯᠠᠯᠲᠠ᠂ ᠴᠥᠮ᠎ᠡ ᠵᠢᠨ ᠠᠮᠤᠷ ᠲᠦᠪᠰᠢᠨ ᠪᠣᠯᠣᠨ ᠬᠡᠷᠡᠭᠯᠡᠭᠴᠢᠳ᠎ᠤᠨ ᠬᠠᠮᠠᠭ᠋ᠠᠯᠠᠯᠲᠠ ᠵᠢᠨ ᠶᠠᠮᠤᠨ᠎ᠤ ᠰᠠᠢ᠌ᠳ ᠯᠸᠮᠺᠸ᠎ᠲᠠᠢ ᠠᠭᠤᠯᠵᠠᠪᠠ
 
             蒙ICP备05000248号