ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠨᠠᠮ᠎ᠤᠨ ᠡᠭᠦᠷ ᠪᠣᠯᠣᠨ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠪᠡ
ᠨᠡᠶ᠋ᠢᠲᠡᠯᠡᠭᠰᠡᠨ ᠴᠠᠭ᠄ 2024-05-29

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠵᠢᠨ ᠲᠥᠯᠥᠭᠡ᠂ 5 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠨᠠᠮ᠎ᠤᠨ ᠡᠭᠦᠷ᠎ᠲᠠᠢ ᠬᠠᠮᠲᠤᠷᠠᠨ ᠤᠯᠠᠭ᠋ᠠᠨᠬᠦᠦ ᠵᠢᠨ ᠳᠤᠷᠠᠰᠬᠠᠯ᠎ᠤᠨ ᠣᠷᠳᠣᠨ᠎ᠳᠤ ᠬᠦᠷᠴᠦ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
      ᠲᠠᠢ᠌ᠯᠪᠤᠷᠢᠯᠠᠭᠴᠢ ᠵᠢᠨ ᠳᠠᠭ᠋ᠠᠭᠤᠯᠭ᠎ᠠ᠎ᠪᠠᠷ᠂ ᠤᠯᠠᠭ᠋ᠠᠨᠬᠦᠦ ᠨᠥᠬᠥᠷ᠎ᠤᠨ ᠨᠠᠮ᠎ᠤᠨ ᠤᠳᠤᠷᠢᠳᠤᠯᠭ᠎ᠠ ᠳᠣᠣᠷ᠎ᠠ ᠦᠨᠳᠦᠰᠦᠲᠡᠨ᠎ᠨᠦᠭᠦᠳ᠎ᠲᠠᠢ ᠪᠦᠯᠬᠦᠮᠳᠡᠨ ᠬᠠᠮᠲᠤ᠎ᠪᠠᠷ ᠶᠠᠫᠤᠨ᠎ᠢ ᠡᠰᠡᠷᠭᠦᠴᠡᠵᠦ᠂ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠥᠵᠢᠭᠦᠯᠵᠦ᠂ ᠨᠠᠮ᠎ᠤᠨ ᠬᠦᠰᠡᠯ ᠨᠠᠢ᠌ᠳᠠᠯᠭ᠎ᠠ ᠵᠢ ᠬᠥᠰᠡᠷᠳᠡᠭᠦᠯᠦᠯ ᠦᠭᠡᠢ᠎ᠪᠠᠷ ᠥᠪᠥᠷ ᠮᠣᠩᠭᠣᠯ᠎ᠤᠨ ᠠᠷᠠᠳ ᠲᠦᠮᠡᠨ᠎ᠢ ᠳᠠᠭ᠋ᠠᠭᠤᠯᠤᠨ ᠠᠩᠬᠠᠨ᠎ᠤ ᠪᠣᠯᠣᠳ᠎ᠢ ᠪᠣᠯᠪᠠᠰᠤᠷᠠᠭᠤᠯᠵᠤ᠂ ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠥᠰᠬᠡᠨ ᠬᠥᠮᠥᠵᠢᠭᠦᠯᠦᠭᠰᠡᠨ᠎ᠢ ᠡᠷᠭᠢᠴᠡᠭᠦᠯᠪᠡ᠃ ᠤᠯᠠᠭ᠋ᠠᠨᠬᠦᠦ ᠨᠥᠬᠥᠷ᠎ᠤᠨ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠢ᠌ᠭᠤᠯᠤᠯᠲᠠ᠂ ᠥᠭᠡᠷᠡᠴᠢᠯᠡᠯᠲᠡ᠎ᠳᠤ ᠦᠵᠡᠭᠦᠯᠦᠭᠰᠡᠨ ᠪᠠᠯᠠᠷᠠᠰᠢ ᠦᠭᠡᠢ ᠭᠠᠪᠢᠶ᠎ᠠ ᠵᠢᠳᠬᠦᠯ᠎ᠨᠢ ᠲᠣᠭᠣᠷᠢᠨ ᠦᠵᠡᠭᠴᠢᠳ᠎ᠤᠨ ᠰᠡᠳᠬᠢᠯ᠎ᠢ ᠭᠦᠨ᠎ᠡ ᠬᠦᠨᠳᠡᠵᠤ᠂ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠨ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠶ᠎ᠠ》 ᠭᠡᠬᠦ ᠪᠣᠳᠠᠲᠤ ᠪᠠᠶ᠋ᠢᠳᠠᠯ᠎ᠢ ᠭᠦᠨᠵᠡᠭᠡᠢ ᠣᠢ᠌ᠯᠠᠭ᠋ᠠᠪᠠ᠃
      ᠤᠯᠠᠨ ᠵᠶ᠋ᠠᠷ ᠵᠶ᠋ᠠᠨ᠂ ᠠᠬᠠᠮᠠᠳ ᠨᠢᠭᠡ ᠦᠶ᠎ᠡ ᠵᠢᠨ ᠬᠤᠪᠢᠰᠬᠠᠯᠲᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠪᠢᠰᠬᠠᠯ᠎ᠤᠨ ᠰᠣᠶᠣᠯ᠎ᠠᠴᠠ ᠬᠦᠴᠦᠨ ᠴᠢᠳᠠᠯ ᠣᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠬᠦᠴᠦᠨ ᠵᠶ᠋ᠡᠨ ᠲᠥᠪᠯᠡᠷᠡᠭᠦᠯᠦᠨ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ ᠡᠨᠡᠬᠦ ᠭᠣᠣᠯ ᠱᠤᠭᠤᠮ᠎ᠢ ᠡᠯ᠎ᠡ ᠵᠦᠢ᠍ᠯ᠎ᠤᠨ ᠠᠵᠢᠯ᠎ᠳᠠᠭᠠᠨ  ᠲᠤᠭᠤᠰᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠠᠩᠬᠠᠳᠤᠭ᠋ᠠᠷ ᠬᠤᠭᠤᠴᠠᠭ᠋ᠠᠨ᠎ᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠬᠢᠯᠡᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠭᠧᠷᠮᠠᠨ᠎ᠤ ᠬᠣᠯᠪᠣᠭ᠋ᠠᠨ᠎ᠤ ᠣᠷᠴᠢᠨ ᠲᠣᠭᠣᠷᠢᠨ᠂ ᠪᠠᠶ᠋ᠢᠭ᠋ᠠᠯᠢ ᠵᠢᠨ ᠬᠠᠮᠠᠭ᠋ᠠᠯᠠᠯᠲᠠ᠂ ᠴᠥᠮ᠎ᠡ ᠵᠢᠨ ᠠᠮᠤᠷ ᠲᠦᠪᠰᠢᠨ ᠪᠣᠯᠣᠨ ᠬᠡᠷᠡᠭᠯᠡᠭᠴᠢᠳ᠎ᠤᠨ ᠬᠠᠮᠠᠭ᠋ᠠᠯᠠᠯᠲᠠ ᠵᠢᠨ ᠶᠠᠮᠤᠨ᠎ᠤ ᠰᠠᠢ᠌ᠳ ᠯᠸᠮᠺᠸ᠎ᠲᠠᠢ ᠠᠭᠤᠯᠵᠠᠪᠠ
 
             蒙ICP备05000248号