4 ᠰᠠᠷ᠎ᠠ ᠵᠢᠨ 16᠎ᠤ ᠡᠳᠦᠷ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠡᠭᠡᠵᠢᠩ᠎ᠳᠤ ᠭᠧᠷᠮᠠᠨ᠎ᠤ ᠬᠣᠯᠪᠣᠭ᠋ᠠᠨ᠎ᠤ ᠣᠷᠴᠢᠨ ᠠᠬᠤᠢ᠂ ᠪᠠᠶ᠋ᠢᠭ᠋ᠠᠯᠢ ᠵᠢᠨ ᠬᠠᠮᠠᠭ᠋ᠠᠯᠠᠯᠲᠠ᠂ ᠴᠥᠮ᠎ᠡ ᠵᠢᠨ ᠠᠮᠤᠷ ᠲᠦᠪᠰᠢᠨ ᠬᠢᠭᠡᠳ ᠬᠡᠷᠡᠭᠯᠡᠭᠴᠢᠳ᠎ᠤᠨ ᠬᠠᠮᠠᠭ᠋ᠠᠯᠠᠯᠲᠠ ᠵᠢᠨ ᠶᠠᠮᠤᠨ᠎ᠤ ᠰᠠᠢ᠌ᠳ ᠯᠸᠮᠺᠸ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠰᠦᠯᠢᠶᠥᠦ ᠵᠢᠨ ᠪᠣᠬᠢᠷᠲᠤᠯ᠎ᠢ ᠵᠠᠰᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠵᠥᠪᠯᠡᠬᠦ ᠰᠡᠳᠦᠪ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
ᠬᠤᠸᠠᠩ ᠷᠦᠨ ᠴᠢᠦ ᠳᠤᠮᠳᠠᠳᠤ ᠭᠧᠷᠮᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠥᠷᠨᠢᠭᠦᠯᠦᠭᠰᠡᠨ ᠰᠠᠢ᠍ᠢ᠍ᠨ ᠰᠠᠢ᠌ᠬᠠᠨ ᠬᠠᠮᠲᠤᠷᠠᠯᠴᠠᠭ᠎ᠠ ᠵᠢ ᠡᠷᠭᠢᠴᠡᠭᠦᠯᠵᠦ᠂ ᠳᠤᠮᠳᠠᠳᠤ ᠤᠯᠤᠰ᠎ᠤᠨ ᠰᠦᠯᠢᠶᠥᠦ ᠵᠢᠨ ᠪᠣᠬᠢᠷᠲᠤᠯ᠎ᠢ ᠵᠠᠰᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠬᠦᠷᠢᠶᠡᠨ᠎ᠳᠠᠬᠢ ᠲᠥᠷᠥ ᠵᠢᠨ ᠪᠣᠳᠣᠯᠭ᠎ᠠ᠂ ᠠᠷᠭ᠎ᠠ ᠬᠡᠮᠵᠢᠶ᠎ᠡ ᠵᠢᠴᠢ ᠠᠵᠢᠯ᠎ᠤᠨ ᠦᠷ᠎ᠡ ᠪᠦᠲᠦᠮᠵᠢ ᠵᠢ ᠲᠠᠨᠢᠯᠴᠠᠭᠤᠯᠵᠤ᠂ ᠳᠤᠮᠳᠠᠳᠤ ᠵᠢᠨ ᠲᠠᠯ᠎ᠠ ᠵᠢᠨ᠎ᠬᠢᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ᠎ᠪᠠᠷ ᠭᠣᠣᠯ ᠪᠣᠯᠭ᠋ᠠᠭᠰᠠᠨ ᠤᠯᠠᠨ ᠤᠯᠤᠰ᠎ᠤᠨ ᠰᠢᠰᠲ᠋ᠧᠮ᠎ᠢ ᠡᠷᠡᠰ ᠬᠠᠮᠠᠭ᠋ᠠᠯᠠᠵᠤ᠂ ᠰᠦᠯᠢᠶᠥᠦ ᠵᠢᠨ ᠪᠣᠬᠢᠷᠲᠤᠯ᠎ᠤᠨ ᠤᠯᠠᠨ ᠤᠯᠤᠰ᠎ᠤᠨ ᠪᠢᠴᠢᠭ ᠬᠠᠷ᠎ᠠ ᠲᠣᠭᠲᠠᠭ᠋ᠠᠬᠤ ᠵᠢ ᠳᠡᠮᠵᠢᠵᠦ᠂ ᠰᠦᠯᠢᠶᠥᠦ ᠵᠢᠨ ᠪᠣᠬᠢᠷᠲᠤᠯ᠎ᠤᠨ ᠵᠠᠰᠠᠭ᠎ᠤᠨ ᠣᠷᠳᠣᠨ᠎ᠤ ᠬᠣᠭᠤᠷᠤᠨᠳᠤᠬᠢ ᠬᠡᠯᠡᠯᠴᠡᠭᠡ ᠬᠢᠬᠦ ᠵᠥᠪᠯᠡᠯ᠎ᠤᠨ ᠠᠬᠢᠴᠠ᠎ᠳᠤ ᠢᠳᠡᠪᠬᠢᠲᠡᠢ ᠣᠷᠣᠯᠴᠠᠵᠤ᠂ ᠭᠧᠷᠮᠠᠨᠢ ᠪᠠᠭᠲᠠᠭ᠋ᠠᠭᠰᠠᠨ ᠡᠯ᠎ᠡ ᠤᠯᠤᠰ᠎ᠲᠠᠢ ᠬᠠᠮᠲᠤ᠎ᠪᠠᠷ ᠬᠠᠮᠲᠤ ᠵᠢᠨ ᠲᠠᠨᠢᠯᠲᠠ᠎ᠪᠠᠨ ᠲᠠᠰᠤᠷᠠᠯᠳᠡ ᠦᠭᠡᠢ ᠨᠢᠭᠲᠠᠷᠠᠭᠤᠯᠵᠤ᠂ ᠠᠳᠠᠯᠢ ᠲᠠᠯ᠎ᠠ᠎ᠪᠠᠨ ᠨᠢᠭᠡᠳᠬᠡᠨ ᠵᠥᠷᠢᠶ᠎ᠡ᠎ᠪᠠᠨ ᠦᠯᠡᠳᠡᠭᠡᠵᠦ᠂ ᠭᠠᠷ ᠬᠣᠯᠪᠣᠨ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠥᠷᠢᠰᠥᠯᠳᠦᠭᠡᠨ᠎ᠢ ᠠᠷᠭ᠋ᠠᠴᠠᠭ᠋ᠠᠬᠤ ᠵᠢ ᠬᠦᠰᠡᠵᠦ ᠪᠠᠢ᠌ᠨ᠎ᠠ ᠭᠡᠵᠦ ᠢᠯᠡᠳᠬᠡᠪᠡ᠃
ᠯᠸᠮᠺᠸ ᠳᠤᠮᠳᠠᠳᠤ ᠤᠯᠤᠰ᠎ᠤᠨ ᠰᠦᠯᠢᠶᠥᠦ ᠵᠢᠨ ᠪᠣᠬᠢᠷᠲᠤᠯ᠎ᠢ ᠵᠠᠰᠠᠬᠤ ᠲᠠᠯ᠎ᠠ᠎ᠪᠠᠷ ᠣᠯᠣᠭᠰᠠᠨ ᠢᠯᠡᠳᠲᠡ ᠦᠷ᠎ᠡ ᠪᠦᠲᠦᠮᠵᠢ ᠵᠢ ᠢᠳᠡᠪᠬᠢᠲᠡᠢ ᠦᠨᠡᠯᠡᠵᠦ᠂ ᠳᠤᠮᠳᠠᠳᠤ ᠵᠢᠨ ᠲᠠᠯ᠎ᠠ ᠵᠢᠨ᠎ᠬᠢᠨ᠎ᠤ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ (COP15)᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ ᠢᠯᠡᠷᠡᠭᠦᠯᠦᠭᠰᠡᠨ ᠤᠳᠤᠷᠢᠳᠬᠤ ᠬᠦᠴᠦᠨ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ᠂ ᠳᠤᠮᠳᠠᠳᠤ ᠵᠢᠨ ᠲᠠᠯ᠎ᠠ᠎ᠲᠠᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ᠎ᠳᠤ ᠬᠠᠮᠲᠤ᠎ᠪᠠᠷ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ ᠭᠡᠪᠡ᠃