ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ ᠱᠠᠯᠠᠪᠳᠠᠭᠤᠯᠤᠨ ᠪᠠᠢ᠌ᠴᠠᠭ᠋ᠠᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ
ᠨᠡᠶ᠋ᠢᠲᠡᠯᠡᠭᠰᠡᠨ ᠴᠠᠭ᠄ 2024-07-23

      ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠪᠠᠢ᠌ᠭᠤᠯᠤᠮᠵᠢ ᠵᠢᠨ ᠲᠣᠬᠢᠷᠠᠭᠤᠯᠤᠯᠲᠠ ᠪᠣᠯᠣᠨ ᠳᠦᠷᠢᠮ᠎ᠤᠨ ᠰᠢᠰᠲ᠋ᠧᠮ᠎ᠤᠨ ᠡᠳᠦᠷ ᠢᠷᠡᠬᠦᠶ᠎ᠡ ᠲᠡᠭᠦᠯᠳᠡᠷᠵᠢᠬᠦ ᠵᠢ ᠳᠠᠭ᠋ᠠᠯᠳᠤᠨ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠦᠷᠢᠮᠵᠢᠯᠲᠦ ᠴᠢᠨᠠᠷ᠂ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠤᠯᠠᠮ᠎ᠠᠴᠠ ᠤᠯᠠᠮ ᠴᠢᠩᠭ᠋ᠠᠷᠠᠵᠤ᠂ ᠪᠠᠷᠢᠮᠵᠢᠶ᠎ᠠ ᠪᠣᠯᠣᠨ ᠱᠠᠭ᠋ᠠᠷᠳᠠᠯᠭ᠎ᠠ ᠴᠤ᠌ ᠤᠯᠠᠮ᠎ᠠᠴᠠ ᠤᠯᠠᠮ ᠥᠨᠳᠥᠷ ᠪᠣᠯᠵᠠᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠵᠢᠷᠤᠮᠵᠢᠭᠤᠯᠬᠤ᠂ ᠳᠦᠷᠢᠮᠵᠢᠭᠦᠯᠬᠦ᠂ ᠰᠢᠰᠲ᠋ᠧᠮᠵᠢᠭᠦᠯᠬᠦ ᠪᠠᠢ᠌ᠭᠤᠯᠤᠯᠲᠠ ᠵᠢ ᠠᠬᠢᠭᠤᠯᠬᠤ ᠵᠢᠨ ᠲᠤᠰᠠᠳᠠ᠂ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ ᠪᠠ ᠱᠠᠯᠠᠪᠳᠠᠭᠤᠯᠤᠨ ᠪᠠᠢ᠌ᠴᠠᠭ᠋ᠠᠬᠤ ᠲᠥᠪ᠎ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠱᠠᠯᠠᠪᠳᠠᠭᠤᠯᠤᠨ ᠪᠠᠢ᠌ᠴᠠᠭ᠋ᠠᠬᠤ ᠪᠠᠢ᠌ᠭᠤᠤᠮᠵᠢ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠨᠡᠶ᠋ᠢᠯᠡᠯ ᠬᠦᠴᠦᠨ᠎ᠢ ᠲᠠᠰᠤᠷᠠᠯᠲᠠ ᠦᠭᠡᠢ ᠪᠦᠷᠢᠯᠳᠦᠭᠦᠯᠦᠨ᠎ᠡ᠃ ᠣᠳᠣᠬᠠᠨ᠎ᠳᠤ᠂ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠱᠠᠯᠠᠪᠳᠠᠭᠤᠯᠤᠨ ᠪᠠᠢ᠌ᠴᠠᠭ᠋ᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ ᠪᠣᠯᠣᠨ ᠱᠠᠯᠠᠪᠳᠠᠭᠤᠯᠤᠨ ᠪᠠᠢ᠌ᠴᠠᠭ᠋ᠠᠬᠤ ᠲᠥᠪ᠎ᠤᠨ ᠬᠣᠭᠤᠷᠤᠨᠳᠤᠬᠢ ᠣᠯᠣᠯᠴᠠᠭ᠎ᠠ ᠬᠠᠷᠢᠯᠴᠠᠭ᠎ᠠ ᠪᠣᠯᠣᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠬᠤ ᠵᠢᠨ ᠲᠥᠯᠥᠭᠡ᠂ ᠠᠵᠢᠯ᠎ᠤᠨ ᠳᠤᠮᠳᠠ ᠲᠤᠯᠭ᠋ᠠᠷᠠᠭᠰᠠᠨ ᠠᠰᠠᠭᠤᠳᠠᠯ ᠪᠠ ᠬᠦᠴᠢᠷᠳᠡᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠵᠦ᠂ ᠭᠣᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠪᠠᠢ᠌ᠷᠢᠯᠠᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠬᠡᠷᠡᠭᠵᠢᠭᠦᠯᠬᠦ ᠠᠷᠭ᠎ᠠ》 ᠵᠢ ᠦᠨᠳᠦᠰᠦᠯᠡᠨ᠂ ᠱᠠᠯᠠᠪᠳᠠᠭᠤᠯᠤᠨ ᠪᠠᠢ᠌ᠴᠠᠭ᠋ᠠᠬᠤ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠵᠥᠪᠳᠡᠯᠴᠡᠬᠦ ᠳᠦᠷᠢᠮ᠎ᠢ ᠪᠠᠢ᠌ᠭᠤᠯᠵᠤ᠂ ᠡᠳᠦᠭᠡ ᠨᠢᠭᠡᠨᠲᠡ 5 ᠤᠳᠠᠭ᠎ᠠ ᠬᠤᠷᠠᠯ ᠬᠤᠷᠠᠯᠳᠤᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠬᠠᠮᠲᠤᠪᠠᠷ ᠰᠤᠳᠤᠯᠤᠨ ᠵᠥᠪᠳᠡᠯᠴᠡᠵᠦ᠂ ᠱᠠᠯᠠᠪᠳᠠᠭᠤᠯᠤᠨ ᠪᠠᠢ᠌ᠴᠠᠭ᠋ᠠᠬᠤ ᠬᠠᠮᠢᠶ᠎ᠠ ᠪᠦᠬᠦᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠤᠨ᠎ᠠ᠃ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠵᠥᠪᠳᠡᠯᠴᠡᠬᠦ ᠳᠦᠷᠢᠮ᠎ᠢ ᠪᠠᠢ᠌ᠭᠤᠯᠬᠤ᠎ᠪᠠᠷ ᠳᠠᠮᠵᠢᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠬᠠᠮᠲᠤᠷᠠᠯ ᠬᠦᠴᠦᠨ᠎ᠢ ᠴᠢᠨᠠᠭᠰᠢᠳᠠ ᠨᠢᠭᠲᠠᠷᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤᠪᠠᠷ ᠠᠬᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠨᠠᠷ᠎ᠤᠨ ᠦᠷ᠎ᠡ ᠵᠢᠨ ᠨᠢᠭᠳᠠᠷᠠᠯᠴᠠᠯ 《ᠤᠮᠠᠷᠠᠲᠤ ᠵᠢᠨ ᠭᠤᠷᠪᠠᠨ ᠣᠷᠣᠨ》᠎ᠳᠤ ᠭᠡᠷᠡᠴᠢᠯᠡᠭᠳᠡᠨ᠎ᠡ — ᠡᠳ᠋᠎ᠤᠨ ᠶᠠᠪᠤᠳᠠᠯ ᠪᠣᠯᠣᠨ ᠲᠥᠰᠥᠯ᠎ᠤᠨ ᠬᠠᠮᠢᠶᠠᠷᠤᠯᠲᠠ ᠵᠢᠨ ᠭᠠᠵᠠᠷ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠠᠵᠢᠯ᠎ᠤᠨ ᠭᠠᠵᠠᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠴᠠᠭ᠋ᠠᠨ ᠰᠤᠳᠤᠯᠤᠯᠲᠠ ᠵᠢᠨ ᠰᠤᠷᠤᠯᠴᠠᠯᠭ᠎ᠠ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠦᠷᠦᠯ ᠵᠦᠢ᠍ᠯ᠎ᠤᠨ ᠳᠤᠮᠳᠠ ᠬᠤᠭᠤᠴᠠᠭ᠋ᠠᠨ᠎ᠤ ᠬᠢᠨᠠᠨ ᠲᠣᠭᠲᠠᠭ᠋ᠠᠯᠲᠠ ᠵᠢᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠵᠢᠯᠲᠠᠨ ᠲᠣᠮᠢᠯᠠᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
 
             蒙ICP备05000248号