ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠠᠨᠠᠷ᠎ᠤᠨ ᠦᠷ᠎ᠡ ᠵᠢᠨ ᠨᠢᠭᠳᠠᠷᠠᠯᠴᠠᠯ 《ᠤᠮᠠᠷᠠᠲᠤ ᠵᠢᠨ ᠭᠤᠷᠪᠠᠨ ᠣᠷᠣᠨ》᠎ᠳᠤ ᠭᠡᠷᠡᠴᠢᠯᠡᠭᠳᠡᠨ᠎ᠡ — ᠡᠳ᠋᠎ᠤᠨ ᠶᠠᠪᠤᠳᠠᠯ ᠪᠣᠯᠣᠨ ᠲᠥᠰᠥᠯ᠎ᠤᠨ ᠬᠠᠮᠢᠶᠠᠷᠤᠯᠲᠠ ᠵᠢᠨ ᠭᠠᠵᠠᠷ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠠᠵᠢᠯ᠎ᠤᠨ ᠭᠠᠵᠠᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2024-08-19

      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠠᠭᠤᠯᠬᠤᠨ ᠣᠨᠴᠠᠯᠢᠭ ᠪᠠ ᠴᠠᠭ ᠦᠶ᠎ᠡ ᠵᠢᠨ ᠦᠨ᠎ᠡ ᠥᠷᠲᠡᠭ᠎ᠢ ᠭᠦᠨᠵᠡᠭᠡᠢ ᠡᠵᠡᠮᠰᠢᠵᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢᠨ ᠲᠥᠯᠥᠭᠡ 6 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠳ᠋᠎ᠤᠨ ᠶᠠᠪᠤᠳᠠᠯ ᠪᠣᠯᠣᠨ ᠳᠦᠷᠦᠯ ᠵᠦᠢ᠍ᠯ᠎ᠤᠨ ᠬᠠᠮᠢᠶᠠᠷᠤᠯᠲᠠ ᠵᠢᠨ ᠭᠠᠵᠠᠷ᠎ᠤᠨ ᠨᠠᠮ᠎ᠤᠨ ᠡᠭᠦᠷ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠨᠠᠮ᠎ᠤᠨ ᠶᠡᠷᠦᠩᠬᠡᠢ ᠡᠭᠦᠷ᠂ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠨ ᠵᠢᠷᠤᠭ᠎ᠤᠨ ᠣᠷᠳᠣᠨ᠎ᠳᠤ 《ᠠᠨᠠᠷ᠎ᠤᠨ ᠦᠷ᠎ᠡ ᠵᠢᠨ ᠨᠢᠭᠳᠠᠷᠠᠯᠴᠠᠯ 〈ᠤᠮᠠᠷᠠᠲᠤ ᠵᠢᠨ ᠭᠤᠷᠪᠠᠨ ᠣᠷᠣᠨ〉᠎ᠳᠤ ᠭᠡᠷᠡᠴᠢᠯᠡᠭᠳᠡᠨ᠎ᠡ ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃
      ᠨᠠᠮ᠎ᠤᠨ ᠭᠡᠰᠢᠭᠦᠨ ᠺᠠᠳ᠋ᠷᠴᠤᠳ ᠶᠠᠭᠤᠨ᠎ᠤ ᠡᠮᠦᠨ᠎ᠡ 《ᠠᠵᠢᠯ ᠨᠢᠭᠡᠲᠡᠨ᠎ᠤ ᠭᠡᠷᠡᠴᠢᠯᠡᠯ》 — ᠠᠷᠠᠳ᠎ᠤᠨ ᠬᠤᠪᠢᠰᠬᠠᠯ᠎ᠤᠨ ᠬᠠᠷᠠᠭ᠋ᠠᠰᠤᠨ᠎ᠳᠠᠬᠢ 《ᠤᠮᠠᠷᠠᠲᠤ ᠵᠢᠨ ᠭᠤᠷᠪᠠᠨ ᠣᠷᠣᠨ》᠎ᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠪᠣᠳᠠᠲᠤ ᠵᠢᠷᠤᠭ ᠳᠦᠷᠰᠦ ᠵᠢᠨ ᠦᠵᠡᠭᠦᠯᠭᠡ᠎ᠳᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠬᠥᠮᠥᠰ᠎ᠤᠨ ᠰᠡᠳᠬᠢᠯ᠎ᠢ ᠬᠥᠳᠡᠯᠭᠡᠮ᠎ᠡ ᠬᠣᠷᠣᠮᠬᠠᠨ ᠪᠠ ᠡᠯᠪᠡᠭ ᠪᠠᠶᠠᠯᠢᠭ ᠦᠷ᠎ᠡ ᠪᠦᠲᠦᠭᠡᠯ᠎ᠢ ᠲᠡᠮᠳᠡᠭᠯᠡᠭᠰᠡᠨ ᠭᠡᠷᠡᠯ ᠵᠢᠷᠤᠭ᠎ᠤᠳ ᠬᠠᠷᠠᠭᠳᠠᠨ᠎ᠠ᠃ ᠥᠪᠥᠷ ᠮᠣᠩᠭᠣᠯ᠎ᠤᠨ ᠥᠷᠭᠡᠨ ᠤᠯᠠᠨ ᠺᠠᠳ᠋ᠷ ᠤᠯᠠᠨ ᠲᠦᠮᠡᠨ᠎ᠤ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》᠎ᠪᠠᠷ ᠵᠢᠯᠣᠭᠣᠳᠤᠯᠭ᠎ᠠ ᠪᠣᠯᠭ᠋ᠠᠵᠤ᠂ 《ᠡᠯᠡᠰᠦ ᠤᠷᠤᠭᠰᠢᠯᠠᠵᠤ ᠬᠥᠮᠥᠨ ᠤᠬᠤᠷᠢᠬᠤ》᠎ᠠᠴᠠ 《ᠨᠣᠭᠣᠭ᠋ᠠᠨ ᠤᠷᠤᠭᠰᠢᠯᠠᠵᠤ ᠡᠯᠡᠰᠦ ᠤᠬᠤᠷᠢᠬᠤ》 ᠬᠦᠷᠲᠡᠯᠡᠬᠢ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠰᠢᠨ᠎ᠡ ᠭᠠᠶ᠋ᠢᠬᠠᠮᠰᠢᠭ᠎ᠢ ᠴᠢᠷᠮᠠᠢ᠌ᠨ ᠡᠭᠦᠳᠴᠦ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠬᠠᠯᠬᠠᠪᠴᠢ ᠵᠢ ᠴᠣᠭᠴᠠᠯᠠᠬᠤ ᠪᠠ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠤᠭ᠋ᠠᠳ ᠣᠯᠣᠭᠰᠠᠨ ᠠᠭᠤᠤ ᠶᠡᠬᠡ ᠠᠮᠵᠢᠯᠲᠠ ᠵᠢ ᠳᠡᠯᠭᠡᠨ ᠦᠵᠡᠭᠦᠯᠵᠡᠢ᠃
      《ᠠᠨᠠᠷ᠎ᠤᠨ ᠦᠷ᠎ᠡ ᠰᠡᠳᠬᠢᠯ ᠨᠢᠭᠡᠲᠡᠢ》 ᠳᠤᠮᠳᠠᠳᠤ ᠤᠯᠤᠰ᠎ᠤᠨ ᠵᠢᠷᠤᠭ᠎ᠤᠨ ᠦᠵᠡᠭᠦᠯᠭᠡ ᠵᠢᠨ ᠲᠢᠩᠬᠢᠮ᠎ᠳᠤ 《ᠠᠨᠠᠷ᠎ᠤᠨ ᠦᠷ᠎ᠡ ᠬᠠᠷᠢᠯᠴᠠᠨ ᠲᠦᠰᠢᠭᠯᠡᠯᠴᠡᠬᠦ》 《ᠳᠠᠳᠬᠠᠯ ᠪᠠ ᠰᠤᠷᠲᠠᠯ》 ᠵᠡᠷᠭᠡ 《ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠳᠠᠷᠠᠯᠴᠠᠵᠤ᠂ ᠠᠬ᠎ᠠ ᠳᠡᠭᠦᠦ ᠨᠠᠷ ᠰᠢᠭ ᠬᠠᠷᠢᠯᠴᠠᠨ ᠳᠣᠲᠣᠨᠣ ᠪᠠᠢ᠌ᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ》 ᠳᠤᠮᠳᠠᠳᠤ ᠤᠯᠤᠰ᠎ᠤᠨ ᠵᠢᠷᠤᠭ᠎ᠤᠨ ᠲᠥᠯᠥᠭᠡᠯᠡᠭᠴᠢ ᠪᠦᠲᠦᠭᠡᠯ᠎ᠢ ᠳᠡᠯᠭᠡᠨ ᠦᠵᠡᠭᠦᠯᠵᠡᠢ᠃ ᠡᠲᠡᠭᠡᠷ ᠪᠦᠲᠦᠭᠡᠯ᠎ᠨᠢ ᠤᠷᠠᠨ ᠨᠠᠷᠢᠯᠢᠭ ᠪᠢᠴᠢᠯᠭᠡ ᠪᠠ ᠪᠠᠶᠠᠯᠢᠭ ᠰᠠᠢ᠌ᠬᠠᠨ ᠥᠩᠭᠡ ᠪᠤᠳᠤᠭ ᠵᠶ᠋ᠠᠷ ᠰᠢᠯᠢᠳᠡᠭ ᠤᠯᠠᠮᠵᠢᠯᠠᠯᠲᠤ ᠰᠣᠶᠣᠯ᠎ᠢ ᠢᠯᠡᠷᠡᠭᠦᠯᠦᠭᠰᠡᠨ ᠶᠤᠮ᠃ ᠤᠯᠠᠨ ᠵᠶ᠋ᠠᠷ ᠵᠶ᠋ᠠᠨ ᠳᠡᠯᠭᠡᠨ ᠦᠵᠡᠭᠦᠯᠭᠡ ᠵᠢᠨ ᠵᠢᠷᠤᠭ᠎ᠢ ᠰᠡᠳᠬᠢᠯ ᠲᠥᠪᠯᠡᠷᠡᠭᠦᠯᠦᠨ ᠨᠠᠷᠢᠯᠢᠭ ᠦᠵᠡᠵᠦ᠂ ᠵᠣᠬᠢᠶᠠᠭᠴᠢ ᠵᠢᠨ ᠬᠠᠷᠠᠭ᠋ᠠᠰᠤ᠎ᠠᠴᠠ ᠪᠦᠲᠦᠭᠡᠯ᠎ᠳᠤ ᠢᠯᠡᠳᠬᠡᠭᠰᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠭᠡᠬᠦ ᠡᠨᠡᠬᠦ ᠭᠦᠨ ᠭᠦᠨᠵᠡᠭᠡᠢ ᠠᠭᠤᠯᠤᠭᠳᠠᠬᠤᠨ᠎ᠢ ᠬᠠᠯᠠᠭᠤᠨ ᠵᠶ᠋ᠠᠷ ᠶᠠᠷᠢᠯᠴᠠᠵᠤ᠂ ᠪᠤᠳᠤᠯ ᠲᠥᠷᠥᠭᠳᠡᠯ ᠵᠶ᠋ᠡᠨ ᠬᠤᠪᠢᠶᠠᠯᠴᠠᠪᠠ᠃
      ᠡᠨᠡ ᠤᠳᠠᠭ᠎ᠠ ᠵᠢᠨ ᠠᠵᠢᠯᠯᠠᠭ᠎ᠠ᠎ᠳᠤ᠂ ᠨᠠᠮ᠎ᠤᠨ ᠭᠡᠰᠢᠭᠦᠨ ᠺᠠᠳ᠋ᠷᠴᠤᠳ 《ᠤᠮᠠᠷᠠᠲᠤ ᠬᠢᠯᠢ ᠵᠢᠨ ᠰᠣᠶᠣᠯ》 ᠭᠡᠬᠦ ᠭᠣᠣᠯ ᠰᠡᠳᠦᠪᠲᠦ ᠪᠦᠲᠦᠭᠡᠯ᠎ᠢ ᠰᠣᠨᠢᠷᠬᠠᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠰᠢᠨ᠎ᠡ ᠺᠠᠳ᠋ᠷᠴᠤᠳ ᠪᠣᠯᠣᠨ ᠠᠬᠠᠮᠠᠳ ᠺᠠᠳ᠋ᠷᠴᠤᠳ᠎ᠤᠨ ᠬᠣᠭᠤᠷᠤᠨᠳᠤᠬᠢ ᠰᠣᠯᠢᠯᠴᠠᠭ᠎ᠠ ᠵᠢ ᠨᠡᠮᠡᠭᠳᠡᠭᠦᠯᠦᠭᠰᠡᠨ ᠪᠠᠢ᠌ᠨ᠎ᠠ᠃ ᠠᠬᠠᠮᠠᠳ ᠺᠠᠳ᠋ᠷᠴᠤᠳ ᠬᠡᠳᠦᠨ ᠠᠷᠪᠠᠨ ᠵᠢᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠲᠤᠷᠰᠢᠯᠭ᠎ᠠ᠎ᠪᠠᠷ ᠵᠶ᠋ᠡᠨ ᠵᠠᠯᠠᠭᠤ ᠺᠠᠳ᠋ᠷᠴᠤᠳ᠎ᠲᠤ 《ᠤᠮᠠᠷᠠᠲᠤ ᠵᠢᠨ ᠭᠤᠷᠪᠠᠨ ᠣᠷᠣᠨ》᠎ᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ᠎ᠤ ᠦᠷ᠎ᠡ ᠪᠦᠲᠦᠮᠵᠢ ᠵᠢᠴᠢ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠬᠥᠭᠵᠢᠯᠲᠡ ᠵᠢᠨ ᠥᠩᠭᠡᠷᠡᠯᠲᠡ ᠵᠢ ᠶᠠᠷᠢᠵᠤ ᠥᠭᠪᠡ᠃ ᠤᠯᠠᠨ ᠵᠶ᠋ᠠᠷ ᠵᠶ᠋ᠠᠨ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠣᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠢ᠌ᠬᠤ᠂ ᠤᠷᠳᠤ ᠬᠤᠭᠤᠴᠠᠭ᠎ᠠ᠎ᠪᠠᠷ ᠴᠢᠷᠮᠠᠢ᠌ᠵᠤ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》 ᠵᠢ ᠪᠠᠳᠠᠷᠠᠭᠤᠯᠵᠤ᠂ ᠰᠣᠶᠣᠯ᠎ᠤᠨ ᠢᠲᠡᠭᠡᠯ ᠵᠶ᠋ᠡᠨ ᠲᠠᠰᠤᠷᠠᠯᠳᠡ ᠦᠭᠡᠢ ᠪᠠᠲᠤᠳᠬᠠᠵᠤ᠂ ᠰᠣᠶᠣᠯ᠎ᠤᠨ ᠮᠡᠳᠡᠷᠡᠮᠵᠢ᠎ᠪᠠᠨ ᠨᠡᠮᠡᠭᠳᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠳᠤᠮᠳᠠ ᠵᠠᠯᠠᠭᠤᠴᠤᠳ᠎ᠤᠨ ᠳᠠᠪᠠᠭᠤᠯᠢᠭ ᠪᠣᠯᠣᠨ ᠪᠤᠭᠤᠷᠤᠯᠴᠤᠳ᠎ᠤᠨ ᠬᠦᠴᠦᠨ ᠴᠢᠳᠠᠯ᠎ᠢ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠴᠠᠭ᠋ᠠᠨ ᠰᠤᠳᠤᠯᠤᠯᠲᠠ ᠵᠢᠨ ᠰᠤᠷᠤᠯᠴᠠᠯᠭ᠎ᠠ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠦᠷᠦᠯ ᠵᠦᠢ᠍ᠯ᠎ᠤᠨ ᠳᠤᠮᠳᠠ ᠬᠤᠭᠤᠴᠠᠭ᠋ᠠᠨ᠎ᠤ ᠬᠢᠨᠠᠨ ᠲᠣᠭᠲᠠᠭ᠋ᠠᠯᠲᠠ ᠵᠢᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠵᠢᠯᠲᠠᠨ ᠲᠣᠮᠢᠯᠠᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
《5.4》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠠᠮᠲᠤᠪᠠᠷ ᠴᠣᠭᠴᠠᠯᠠᠨ᠎ᠠ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
 
             蒙ICP备05000248号