ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠴᠠᠭ᠋ᠠᠨ ᠰᠤᠳᠤᠯᠤᠯᠲᠠ ᠵᠢᠨ ᠰᠤᠷᠤᠯᠴᠠᠯᠭ᠎ᠠ ᠡᠷᠬᠢᠯᠡᠪᠡ
ᠨᠡᠶ᠋ᠢᠲᠡᠯᠡᠭᠰᠡᠨ ᠴᠠᠭ᠄ 2024-09-27

      ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠲᠥᠪᠯᠡᠷᠡᠭᠦᠯᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠬᠡᠷᠡᠭᠯᠡᠬᠦ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯ᠎ᠢ ᠨᠡᠩ ᠰᠠᠶ᠋ᠢᠲᠤᠷ ᠲᠤᠯᠭ᠋ᠠᠭᠤᠷᠢᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠬᠦᠷᠢᠶᠡᠯᠡᠩ 7 ᠰᠠᠷ᠎ᠠ ᠵᠢᠨ 19᠎ᠤ ᠡᠳᠦᠷ ᠬᠣᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠢ᠌ᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠭᠦᠯᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠵᠢᠨ ᠰᠤᠷᠤᠯᠴᠠᠯᠭ᠎ᠠ ᠬᠢᠪᠡ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ 《ᠮᠧᠩ ᠺᠧ ᠵᠢᠦᠢ ᠴᠤᠭᠯᠠᠷᠠᠯ》᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠦᠵᠡᠭᠦᠯᠭᠡ ᠵᠢᠨ ᠲᠢᠩᠬᠢᠮ᠎ᠢ ᠲᠣᠭᠣᠷᠢᠨ ᠦᠵᠡᠵᠦ᠂ ᠲᠤᠬᠠᠢ᠌ᠯᠠᠭᠰᠠᠨ ᠠᠵᠢᠯ᠎ᠤᠨ ᠤᠬᠠᠭᠤᠯᠭ᠎ᠠ ᠵᠢᠨ ᠸᠢᠳᠢᠤ᠋ ᠵᠢ ᠦᠵᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠎ᠲᠠᠢ ᠶᠠᠷᠢᠯᠴᠠᠨ ᠰᠠᠨᠠᠯ ᠵᠶ᠋ᠠᠨ ᠰᠣᠯᠢᠯᠴᠠᠪᠠ᠃ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠨ᠎ᠳᠠᠬᠢ ᠬᠠᠮᠤᠭ᠎ᠤᠨ ᠰᠢᠨ᠎ᠡ ᠦᠷ᠎ᠡ ᠪᠦᠲᠦᠭᠡᠯ ᠪᠠ ᠲᠡᠷᠢᠭᠦᠨ᠎ᠤ ᠮᠡᠷᠭᠡᠵᠢᠯ᠂ 《ᠮᠧᠩ ᠺᠧ ᠵᠢᠦᠢ ᠴᠤᠭᠯᠠᠷᠠᠯ》᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠪᠠᠢ᠌ᠭᠤᠯᠤᠯᠲᠠ ᠠᠵᠢᠯᠯᠠᠭ᠋ᠠᠨ᠎ᠤ ᠪᠠᠶ᠋ᠢᠳᠠᠯ᠂ 《1+12+N》 ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠰᠢᠰᠲ᠋ᠧᠮ᠎ᠤᠨ ᠲᠥᠷᠥ ᠵᠢᠨ ᠪᠣᠳᠣᠯᠭ᠎ᠠ ᠵᠡᠷᠭᠡ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠠᠬᠢᠭᠤᠯᠤᠨ ᠤᠯᠠᠷᠢᠭᠤᠯᠬᠤ ᠠᠷᠭ᠎ᠠ ᠵᠠᠮ ᠪᠠ ᠲᠤᠷᠰᠢᠯᠭ᠎ᠠ ᠵᠢ ᠭᠦᠨᠵᠡᠭᠡᠢ ᠰᠤᠷᠤᠯᠴᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠄ 《ᠮᠧᠩ ᠺᠧ ᠵᠢᠦᠢ ᠴᠤᠭᠯᠠᠷᠠᠯ》᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠮᠢ ᠠᠬᠤᠢ ᠣᠷᠴᠢᠨ ᠲᠣᠭᠣᠷᠢᠨ᠎ᠤ ᠲᠤᠬᠠᠢ᠌ᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ ᠪᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠦᠷᠦᠯ ᠵᠦᠢ᠍ᠯ᠎ᠤᠨ ᠳᠤᠮᠳᠠ ᠬᠤᠭᠤᠴᠠᠭ᠋ᠠᠨ᠎ᠤ ᠬᠢᠨᠠᠨ ᠲᠣᠭᠲᠠᠭ᠋ᠠᠯᠲᠠ ᠵᠢᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠵᠢᠯᠲᠠᠨ ᠲᠣᠮᠢᠯᠠᠨ ᠪᠣᠯᠣᠳ ᠲᠡᠮᠦᠷ᠂ ᠼᠧᠮᠧᠨ᠋ᠲ᠂ ᠬᠥᠩᠭᠡᠨ ᠴᠠᠭ᠋ᠠᠨ ᠬᠠᠶ᠋ᠢᠯᠤᠭᠤᠯᠬᠤ ᠠᠵᠢᠯ ᠲᠥᠷᠥᠯ᠎ᠢ ᠪᠥᠬᠥ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠬᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ᠎ᠤᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠲᠤᠬᠠᠢ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
《5.4》᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠦᠨᠳᠦᠰᠦᠲᠡᠨ᠎ᠤ ᠪᠦᠯᠬᠦᠮᠳᠡᠯ᠎ᠢ ᠬᠠᠮᠲᠤᠪᠠᠷ ᠴᠣᠭᠴᠠᠯᠠᠨ᠎ᠠ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠵᠢᠨ ᠲᠥᠪ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢ᠌ᠴᠠᠭ᠋ᠠᠬᠤ ᠮᠡᠷᠭᠡᠵᠢᠯ᠎ᠤᠨ ᠳᠡᠮᠵᠢᠯᠭᠡ ᠦᠵᠡᠭᠦᠯᠬᠦ ᠲᠥᠪ᠎ᠤᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
 
             蒙ICP备05000248号