ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ 《 ᠵᠠᠭᠤᠨ ᠡᠳᠦᠷ᠎ᠦᠨ ᠪᠡᠷᠬᠡ ᠰᠡᠳᠦᠪ᠎ᠢ ᠰᠢᠢᠳᠪᠦᠷᠢᠯᠡᠬᠦ 》 ᠰᠤᠷᠤᠯᠴᠠᠯᠭ᠎ᠠ᠎ᠶᠢᠨ 《 ᠤᠷᠪᠠᠭᠤᠯᠬᠤ ᠮᠠᠶᠢᠭ᠋ 》᠎ᠤᠨ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ
ᠨᠡᠶ᠋ᠢᠲᠡᠯᠡᠭᠰᠡᠨ ᠴᠠᠭ᠄ 2025-10-31

ᠣᠢᠷ᠎ᠠ᠎ᠳᠤ ᠂ ᠺᠠᠳ᠋ᠷᠴᠤᠳ᠎ᠤᠨ ᠬᠠᠤᠯᠢ᠎ᠪᠠᠷ ᠵᠠᠰᠠᠬᠤ ᠤᠬᠠᠮᠰᠠᠷ᠎ᠢ ᠳᠡᠭᠡᠭᠰᠢᠯᠡᠭᠦᠯᠵᠦ ᠂ ᠲᠤᠬᠠᠢᠯᠠᠭᠰᠠᠨ ᠠᠵᠢᠯ᠎ᠤᠨ ᠳᠤᠮᠳᠠ ᠬᠠᠤᠯᠢ ᠴᠠᠭᠠᠵᠠ ᠬᠠᠤᠯᠢ ᠲᠣᠭᠲᠠᠭᠠᠯ᠎ᠢ ᠬᠡᠷᠡᠭᠯᠡᠬᠦ ᠴᠢᠳᠠᠪᠤᠷᠢ᠎ᠶᠢ ᠨᠡᠮᠡᠭᠳᠡᠭᠦᠯᠬᠦ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠡᠴᠡ ᠬᠣᠶᠠᠷ ᠡᠳᠦᠷ᠎ᠦᠨ ᠬᠤᠭᠤᠴᠠᠭ᠎ᠠ᠎ᠲᠠᠢ 《 ᠵᠠᠭᠤᠨ ᠡᠳᠦᠷ᠎ᠦᠨ ᠪᠡᠷᠬᠡ ᠰᠡᠳᠦᠪ᠎ᠢ ᠰᠢᠢᠳᠪᠦᠷᠢᠯᠡᠬᠦ 》 ᠰᠤᠷᠤᠯᠴᠠᠯᠭ᠎ᠠ᠎ᠶᠢᠨ 《 ᠤᠷᠪᠠᠭᠤᠯᠬᠤ ᠮᠠᠶᠢᠭ᠋ 》᠎ᠤᠨ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ ᠃ ᠲᠣᠰ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ ᠨᠢ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ ᠠᠷᠭ᠎ᠠ ᠮᠠᠶᠢᠭ᠋᠎ᠢᠶᠠᠷ ᠳᠠᠮᠵᠢᠭᠤᠯᠤᠨ ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠡᠵᠡᠮᠰᠢᠵᠦ ᠂ ᠠᠰᠠᠭᠤᠳᠠᠯ᠎ᠢ ᠢᠯᠡᠷᠡᠭᠦᠯᠬᠦ ᠴᠢᠳᠠᠪᠤᠷᠢ᠎ᠪᠠᠨ ᠴᠢᠩᠭᠠᠷᠠᠭᠤᠯᠤᠨ ᠂ ᠱᠠᠯᠠᠪᠳᠠᠭᠤᠯᠤᠨ ᠪᠠᠢᠴᠠᠭᠠᠬᠤ ᠲᠤᠰᠬᠠᠢ ᠮᠡᠷᠭᠡᠵᠢᠯ᠎ᠦᠨ ᠬᠢᠷᠢ ᠬᠡᠮᠵᠢᠶ᠎ᠡ᠎ᠪᠡᠨ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠤᠨ᠎ᠠ ᠃

ᠲᠤᠰ ᠤᠳᠠᠭ᠎ᠠ᠎ᠶᠢᠨ 《 ᠤᠷᠪᠠᠭᠤᠯᠬᠤ ᠮᠠᠶᠢᠭ᠋ 》᠎ᠤᠨ ᠬᠡᠷᠡᠭ᠎ᠦᠨ ᠵᠢᠱ᠌ᠢᠶ᠎ᠡ᠎ᠶᠢ ᠰᠤᠳᠤᠯᠤᠨ ᠶᠠᠷᠢᠯᠴᠠᠬᠤ᠎ᠳᠤ ᠬᠤᠪᠢ ᠬᠥᠮᠥᠨ᠎ᠦ ᠶᠠᠷᠢᠶ᠎ᠠ ᠲᠠᠯᠪᠢᠬᠤ ᠪᠠ ᠬᠠᠮᠲᠤ ᠨᠡᠶ᠋ᠢᠲᠡ᠎ᠶᠢᠨ ᠰᠤᠳᠤᠯᠤᠨ ᠶᠠᠷᠢᠯᠴᠠᠬᠤ ᠬᠡᠯᠪᠡᠷᠢ᠎ᠪᠡᠷ ᠥᠷᠨᠢᠭᠦᠯᠵᠦ ᠂ ᠦᠢᠯᠡᠳᠪᠦᠷᠢᠯᠡᠯ᠎ᠦᠨ ᠴᠢᠳᠠᠪᠤᠷᠢ ᠦᠯᠡᠭᠦᠳᠡᠭᠰᠡᠨ ᠠᠰᠠᠭᠤᠳᠠᠯ᠎ᠢ ᠰᠣᠩᠭᠣᠨ ᠰᠢᠢᠳᠪᠦᠷᠢᠯᠡᠬᠦ᠎ᠪᠡᠷ ᠳᠠᠮᠵᠢᠭᠤᠯᠤᠨ ᠂ ᠮᠠᠰᠢᠨ ᠲᠡᠷᠭᠡᠨ᠎ᠦ ᠪᠠᠢᠴᠠᠭᠠᠨ ᠰᠢᠯᠭᠠᠬᠤ ᠪᠠᠢᠭᠤᠯᠤᠮᠵᠢ᠎ᠶᠢᠨ ᠬᠠᠭᠤᠷᠮᠠᠭ᠎ᠢᠶᠠᠷ ᠦᠢᠯᠡᠳᠦᠭᠰᠡᠨ ᠂ ᠤᠰᠤ᠎ᠶᠢ ᠰᠡᠢᠷᠡᠭᠦᠯᠦᠨ ᠬᠠᠳᠠᠭᠠᠭᠰᠠᠨ ᠲᠣᠭᠲᠠᠭᠠᠯ᠎ᠠᠴᠠ ᠵᠥᠷᠢᠴᠡᠨ ᠤᠰᠤ ᠲᠠᠲᠠᠭᠰᠠᠨ ᠂ ᠠᠵᠤ ᠦᠢᠯᠡᠳᠪᠦᠷᠢ᠎ᠶᠢᠨ ᠪᠣᠬᠢᠷ ᠤᠰᠤ᠎ᠶᠢ ᠰᠢᠢᠳᠪᠦᠷᠢᠯᠡᠬᠦ ᠲᠥᠬᠦᠭᠡᠷᠦᠮᠵᠢ ᠬᠡᠪ᠎ᠦᠨ ᠪᠤᠰᠤ᠎ᠪᠠᠷ ᠠᠵᠢᠯᠯᠠᠭᠰᠠᠨ ᠂ ᠡᠩ᠎ᠦᠨ ᠠᠵᠤ ᠦᠢᠯᠡᠳᠪᠦᠷᠢ᠎ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠲᠣᠭᠲᠠᠭᠠᠯ᠎ᠠᠴᠠ ᠵᠥᠷᠢᠴᠡᠨ ᠬᠠᠳᠠᠭᠠᠯᠠᠵᠤ ᠪᠤᠯᠠᠭᠰᠠᠨ ᠂ ᠨᠤᠲᠤᠭ ᠪᠡᠯᠴᠢᠭᠡᠷ᠎ᠢ ᠡᠪᠳᠡᠭᠰᠡᠨ ᠠᠰᠠᠭᠤᠳᠠᠯ ᠵᠡᠷᠭᠡ ᠬᠡᠷᠡᠭ᠎ᠦᠨ ᠵᠢᠱ᠌ᠢᠶ᠎ᠡ᠎ᠪᠡᠷ ᠳᠠᠮᠵᠢᠭᠤᠯᠤᠨ ᠂ ᠬᠠᠮᠢᠶ᠎ᠠ ᠪᠦᠬᠦᠢ ᠱᠠᠯᠠᠪᠳᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠡᠭᠦᠷᠭᠡ᠎ᠶᠢᠨ ᠪᠣᠳᠠᠲᠠᠢ ᠪᠠᠢᠳᠠᠯ ᠵᠢᠴᠢ ᠴᠡᠭᠴᠡᠯᠡᠨ ᠰᠠᠢᠵᠢᠷᠠᠭᠤᠯᠤᠭᠰᠠᠨ ᠠᠬᠢᠴᠠ᠎ᠶᠢ ᠲᠠᠬᠢᠨ ᠪᠦᠷᠢᠳᠬᠡᠵᠦ᠂ ᠡᠯ᠎ᠡ ᠬᠡᠷᠡᠭ᠎ᠦᠨ ᠵᠢᠱ᠌ᠢᠶ᠎ᠡ᠎ᠳᠦ ᠬᠣᠯᠪᠣᠭᠳᠠᠭᠰᠠᠨ ᠠᠭᠠᠷ ᠮᠠᠨᠳᠠᠯ᠂ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠮᠢ ᠠᠬᠤᠢ ᠵᠡᠷᠭᠡ ᠬᠦᠷᠢᠶᠡᠨ᠎ᠦ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠡᠮᠬᠢᠯᠡᠵᠦ᠂ ᠡᠯ᠎ᠡ ᠵᠦᠢᠯ᠎ᠦᠨ ᠡᠭᠦᠷᠭᠡ᠎ᠶᠢᠨ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠬᠦ ᠰᠠᠨᠠᠭᠤᠯᠭ᠎ᠠ ᠪᠣᠯᠣᠨ ᠱᠠᠯᠠᠪᠳᠠᠭᠤᠯᠤᠨ ᠪᠠᠢᠴᠠᠭᠠᠬᠤ ᠭᠣᠣᠯᠳᠠᠯᠭ᠎ᠠ ᠵᠡᠷᠭᠡ ᠵᠦᠢᠯᠡᠰ᠎ᠢ ᠰᠤᠳᠤᠯᠤᠨ ᠶᠠᠷᠢᠯᠴᠠᠵᠤ᠂ ᠬᠣᠢᠰᠢᠳᠠ᠎ᠶᠢᠨ ᠬᠠᠮᠢᠶ᠎ᠠ ᠪᠦᠬᠦᠢ ᠲᠠᠯ᠎ᠠ᠎ᠶᠢᠨ ᠱᠠᠯᠠᠪᠳᠠᠭᠤᠯᠤᠨ ᠪᠠᠢᠴᠠᠭᠠᠬᠤ ᠠᠵᠢᠯ᠎ᠳᠤ ᠭᠣᠣᠯᠳᠠᠯᠭ᠎ᠠ᠎ᠲᠠᠢ ᠴᠢᠭᠯᠡᠯ᠎ᠢ ᠬᠠᠩᠭᠠᠵᠠᠢ᠃ ᠬᠤᠷᠠᠯ᠎ᠳᠤ ᠣᠷᠣᠯᠴᠠᠭᠰᠠᠳ ᠲᠣᠬᠢᠷᠠᠭᠤᠯᠬᠤ ᠪᠠ ᠱᠠᠯᠠᠪᠳᠠᠭᠤᠯᠤᠨ ᠰᠢᠢᠳᠪᠦᠷᠢᠯᠡᠭᠦᠯᠬᠦ ᠶᠠᠪᠤᠴᠠ᠎ᠳᠤ ᠲᠣᠬᠢᠶᠠᠯᠳᠤᠭᠰᠠᠨ ᠠᠰᠠᠭᠤᠳᠠᠯ᠎ᠲᠠᠢ ᠤᠶᠠᠯᠳᠤᠭᠤᠯᠤᠨ ᠰᠠᠨᠠᠯ᠎ᠢᠶᠠᠨ ᠭᠦᠨᠵᠡᠭᠡᠢ ᠰᠣᠯᠢᠯᠴᠠᠨ ᠶᠠᠷᠢᠯᠴᠠᠵᠤ ᠂ ᠬᠤᠷᠠᠯ ᠳᠡᠭᠡᠷ᠎ᠡ ᠬᠣᠯᠪᠣᠭᠳᠠᠯ ᠪᠦᠬᠦᠢ ᠬᠦᠷᠢᠶᠡᠨ᠎ᠦ ᠲᠤᠰᠬᠠᠢ ᠮᠡᠷᠭᠡᠵᠢᠯᠲᠡᠳ᠎ᠢ ᠤᠷᠢᠵᠤ ᠦᠨᠡᠯᠡᠯᠲᠡ ᠪᠠ ᠲᠠᠢᠯᠤᠮᠵᠢ ᠬᠢᠯᠭᠡᠵᠦ ᠂ ᠮᠠᠳᠠᠭ᠎ᠲᠠᠢ ᠠᠰᠠᠭᠤᠳᠠᠯ᠎ᠢ ᠨᠢ ᠲᠠᠢᠯᠪᠤᠷᠢᠯᠠᠨ ᠂ ᠲᠤᠬᠠᠢ᠎ᠶᠢᠨ ᠲᠠᠯᠠᠪᠤᠷ᠎ᠲᠤ ᠰᠤᠷᠤᠯᠴᠠᠬᠤ ᠠᠭᠤᠷ ᠠᠮᠢᠰᠬᠤᠯ᠎ᠢᠶᠠᠷ ᠥᠳᠬᠡᠨ ᠪᠠᠢᠯ᠎ᠠ ᠃
ᠲᠣᠰ ᠤᠳᠠᠭᠠᠨ᠎ᠤ ᠰᠤᠳᠤᠯᠤᠨ ᠶᠠᠷᠢᠯᠴᠠᠬᠤ᠎ᠪᠠᠷ ᠳᠡᠮᠵᠢᠨ ᠂ ᠭᠣᠣᠯ ᠺᠠᠳ᠋ᠷᠴᠤᠳ ᠬᠡᠷᠡᠭ᠎ᠦᠨ ᠵᠢᠱ᠌ᠢᠶ᠎ᠡ᠎ᠳᠦ ᠬᠣᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠤᠬᠠᠢ ᠣᠢᠯᠠᠭᠠᠯᠲᠠ᠎ᠪᠠᠨ ᠭᠦᠨᠵᠡᠭᠡᠢᠷᠡᠭᠦᠯᠦᠭᠰᠡᠨ᠎ᠢᠶᠡᠷ ᠪᠠᠷᠠᠬᠤ ᠦᠭᠡᠢ ᠪᠠᠰᠠ ᠠᠰᠠᠭᠤᠳᠠᠯ᠎ᠢ ᠢᠯᠡᠷᠡᠭᠦᠯᠬᠦ ᠂ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ ᠂ ᠬᠡᠷᠡᠭ᠎ᠦᠨ ᠵᠢᠱ᠌ᠢᠶ᠎ᠡ᠎ᠶᠢ ᠵᠠᠳᠠᠯᠬᠤ ᠪᠠ ᠱᠠᠯᠠᠪᠳᠠᠭᠤᠯᠤᠨ ᠪᠠᠢᠴᠠᠭᠠᠬᠤ ᠠᠵᠢᠯ᠎ᠢ ᠤᠶᠠᠯᠳᠤᠭᠤᠯᠬᠤ ᠵᠣᠷᠢᠯᠭ᠎ᠠ᠎ᠳᠠᠭᠠᠨ ᠠᠩᠬ᠎ᠠ ᠠᠯᠬᠤᠮ ᠭᠦᠷᠦᠭᠰᠡᠨ ᠪᠠᠢᠨ᠎ᠠ ᠃ ᠲᠠᠷᠠᠭᠠᠴᠢ᠎ᠶᠢᠨ ᠠᠯᠬᠤᠮ᠎ᠳᠤ ᠂ ᠭᠣᠣᠯᠳᠠᠯᠭ᠎ᠠ ᠨᠢ 《 ᠤᠷᠪᠠᠭᠤᠯᠬᠤ ᠮᠠᠶᠢᠭ᠋ 》᠎ᠤᠨ ᠬᠡᠷᠡᠭ᠎ᠦᠨ ᠵᠢᠱ᠌ᠢᠶ᠎ᠡ᠎ᠶᠢᠨ ᠵᠠᠳᠠᠯᠤᠯᠲᠠ᠎ᠶᠢ ᠦᠷᠭᠦᠯᠵᠢᠯᠡᠨ ᠥᠷᠨᠢᠭᠦᠯᠵᠦ ᠂ ᠬᠠᠤᠯᠢ᠎ᠪᠠᠷ ᠵᠠᠰᠠᠬᠤ ᠰᠤᠷᠤᠯᠴᠠᠯᠭ᠎ᠠ᠎ᠶᠢ ᠪᠠᠢᠩᠭᠤᠵᠢᠭᠤᠯᠤᠨ ᠥᠷᠨᠢᠭᠦᠯᠵᠦ ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠦᠨ ᠬᠤᠪᠢᠷᠠᠭᠤᠯᠤᠯᠲᠠ ᠪᠠ ᠬᠡᠷᠡᠭᠯᠡᠯᠲᠡ᠎ᠶᠢ ᠭᠦᠨᠵᠡᠭᠡᠢ ᠲᠦᠯᠬᠢᠨ ᠠᠬᠢᠭᠤᠯᠵᠤ ᠂ ᠬᠡᠷᠡᠭ᠎ᠦᠨ ᠵᠢᠱ᠌ᠢᠶ᠎ᠡ᠎ᠶᠢᠨ ᠵᠠᠳᠠᠯᠤᠯᠲᠠ᠎ᠶᠢᠨ ᠰᠤᠳᠤᠯᠤᠨ ᠶᠠᠷᠢᠯᠴᠠᠬᠤ ᠬᠤᠷᠠᠯ᠎ᠤᠨ ᠦᠷ᠎ᠡ ᠪᠦᠲᠦᠭᠡᠯ᠎ᠢ ᠠᠵᠢᠯ᠎ᠤᠨ ᠳᠤᠮᠳᠠ᠎ᠪᠠᠨ ᠵᠢᠩᠬᠢᠨᠢ᠎ᠪᠡᠷ ᠨᠠᠢᠳᠠᠪᠤᠷᠢᠵᠢᠭᠤᠯᠤᠨ ᠂ ᠪᠣᠳᠠᠲᠤ ᠦᠷ᠎ᠡ ᠪᠦᠲᠦᠮᠵᠢ᠎ᠶᠢ ᠪᠠᠳᠠᠷᠠᠭᠤᠯᠬᠤ᠎ᠶᠢ ᠦᠨᠡᠨ ᠬᠦ᠌ ᠪᠠᠲᠤᠯᠠᠨ᠎ᠠ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号