ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠮᠡᠷᠭᠡᠵᠢᠯ᠎ᠦᠨ ᠰᠣᠯᠢᠯᠴᠠᠭ᠎ᠠ᠎ᠪᠠᠷ 《 ᠳᠣᠲᠣᠭᠠᠳᠤ ᠬᠦᠴᠦᠨ᠎ᠢᠶᠡᠨ ᠨᠢᠭ᠍ᠲᠠᠷᠠᠭᠤᠯᠵᠤ 》 ᠬᠠᠷᠠᠭ᠎ᠠ᠎ᠪᠠᠨ ᠥᠷᠭᠡᠳᠬᠡᠵᠦ 《 ᠬᠥᠳᠡᠯᠭᠡᠬᠦ ᠬᠦᠴᠦᠨ ᠨᠡᠮᠡᠷᠢᠯᠡᠪᠡ 》︱ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ ᠪᠡᠭᠡᠵᠢᠩ᠎ᠳᠦ ᠬᠦᠷᠴᠦ ᠮᠡᠷᠭᠡᠵᠢᠯ᠎ᠦᠨ ᠳᠡᠭᠡᠭᠰᠢᠯᠡᠯᠲᠡ᠎ᠶᠢᠨ ᠰᠤᠷᠤᠯᠴᠠᠯᠭ᠎ᠠ ᠰᠣᠯᠢᠯᠴᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-11-01

ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠲᠤᠯᠭᠠᠭᠤᠷᠢᠯᠠᠯ᠎ᠤᠨ ᠪᠠᠲᠤᠯᠠᠭ᠎ᠠ᠎ᠶᠢ ᠴᠢᠨᠠᠭᠰᠢᠳᠠ ᠡᠷᠴᠢᠮᠵᠢᠭᠦᠯᠵᠦ ᠂ ᠰᠢᠨ᠎ᠡ ᠮᠡᠷᠭᠡᠵᠢᠯ᠎ᠦᠨ ᠬᠡᠷᠡᠭᠯᠡᠯᠲᠡ᠎ᠶᠢ ᠴᠢᠩᠭᠠᠳᠬᠠᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠲᠥᠷᠥ᠎ᠶᠢᠨ ᠪᠣᠳᠣᠯᠭ᠎ᠠ ᠪᠠ ᠮᠡᠷᠭᠡᠵᠢᠯ᠎ᠦᠨ ᠠᠷᠭ᠎ᠠ᠎ᠶᠢᠨ ᠰᠤᠳᠤᠯᠤᠯ ᠂ ᠰᠢᠨᠵᠢᠯᠡᠬᠦ ᠤᠬᠠᠭᠠᠨ ᠮᠡᠷᠭᠡᠵᠢᠯ᠎ᠦᠨ ᠠᠷᠭ᠎ᠠ ᠪᠠᠷᠢᠯ᠎ᠤᠨ ᠬᠡᠷᠡᠭᠯᠡᠯᠲᠡ ᠵᠡᠷᠭᠡ ᠠᠵᠢᠯ᠎ᠢ ᠲᠦᠯᠬᠢᠨ ᠠᠬᠢᠭᠤᠯᠬᠤ᠎ᠶᠢᠨ ᠲᠥᠯᠥᠭᠡ ᠂ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠡᠷᠬᠢᠯᠡᠭᠴᠢ ᠴᠧᠨ ᠢᠦᠢ ᠪᠦᠯᠬᠦᠮ ᠳᠠᠭᠠᠭᠤᠯᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠭᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠦ ᠲᠥᠪ᠎ᠲᠦ ᠬᠦᠷᠴᠦ ᠪᠠᠢᠴᠠᠭᠠᠨ ᠰᠤᠳᠤᠯᠤᠯᠲᠠ ᠬᠢᠵᠦ ᠰᠤᠷᠤᠯᠴᠠᠨ ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠬᠠᠲᠤᠨ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ ᠲᠠᠢ ᠰᠣᠯᠢᠯᠴᠠᠭ᠎ᠠ ᠥᠷᠨᠢᠭᠦᠯᠪᠡ ᠃

ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠭᠠᠭᠤᠯᠢ ᠤᠳᠤᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠦ ᠲᠥᠪ᠎ᠲᠦ᠂ ᠤᠯᠠᠨ᠎ᠢᠶᠠᠷ᠎ᠢᠶᠠᠨ ᠳᠠᠭᠠᠭᠤᠯᠢ ᠤᠳᠤᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠦ ᠲᠥᠪ᠎ᠦᠨ ᠤᠬᠠᠭᠤᠯᠭ᠎ᠠ ᠦᠵᠡᠭᠦᠯᠭᠡ᠎ᠶᠢᠨ ᠲᠠᠩᠬᠢᠮ᠂ ᠵᠢᠯᠣᠭᠣᠴᠢ ᠦᠭᠡᠢ ᠨᠢᠰᠬᠡᠯ᠎ᠦᠨ ᠲᠤᠷᠰᠢᠯᠲᠠ᠎ᠶᠢᠨ ᠲᠠᠰᠤᠭ᠎ᠢ ᠲᠣᠭᠣᠷᠢᠨ ᠦᠵᠡᠵᠦ᠂ ᠠᠮᠢ ᠠᠬᠤᠢ ᠣᠷᠴᠢᠨ ᠲᠣᠭᠣᠷᠢᠨ᠎ᠤ ᠠᠯᠤᠰ ᠰᠡᠷᠡᠯ᠎ᠦᠨ ᠬᠢᠨᠠᠨ ᠬᠡᠮᠵᠢᠬᠦ ᠮᠡᠷᠭᠡᠵᠢᠯ᠎ᠦᠨ ᠦᠭᠡᠢ᠎ᠡᠴᠡ᠎ᠪᠡᠨ ᠪᠠᠢᠬᠤ ᠪᠣᠯᠵᠤ᠂ ᠪᠠᠢᠭᠰᠠᠨ᠎ᠠᠴᠠ᠎ᠪᠠᠨ ᠰᠢᠯᠢᠳᠡᠭ ᠪᠣᠯᠤᠭᠰᠠᠨ ᠬᠥᠭᠵᠢᠯᠲᠡ᠎ᠶᠢᠨ ᠶᠠᠪᠤᠴᠠ᠎ᠶᠢ ᠨᠠᠷᠢᠨ ᠣᠢᠯᠠᠭᠠᠵᠤ᠂ ᠠᠮᠢ ᠠᠬᠤᠢ ᠣᠷᠴᠢᠨ ᠲᠣᠭᠣᠷᠢᠨ᠎ᠤ ᠠᠯᠤᠰ ᠰᠡᠷᠡᠯ᠎ᠦᠨ ᠬᠢᠨᠠᠨ ᠬᠡᠮᠵᠢᠬᠦ ᠰᠢᠰᠲᠧᠮ᠎ᠤᠨ ᠪᠠᠢᠭᠤᠯᠤᠯᠲᠠ᠂ ᠮᠡᠷᠭᠡᠵᠢᠯ᠎ᠦᠨ ᠰᠤᠳᠤᠯᠭᠠᠨ ᠵᠢᠴᠢ ᠬᠡᠷᠡᠭᠯᠡᠭᠡᠨ᠎ᠢ ᠨᠠᠷᠢᠨ ᠬᠢᠨᠠᠮᠠᠭᠠᠢ ᠰᠤᠷᠤᠯᠴᠠᠵᠠᠢ᠃ ᠲᠣᠭᠣᠷᠢᠨ ᠦᠵᠡᠵᠦ ᠳᠠᠭᠤᠰᠤᠭᠰᠠᠨ᠎ᠤ ᠲᠠᠷᠠᠭ᠎ᠠ᠂ ᠬᠣᠶᠠᠷ ᠲᠠᠯ᠎ᠠ᠎ᠪᠠᠷ᠎ᠢᠶᠠᠨ ᠳᠠᠭᠠᠭᠤᠯᠢ ᠤᠳᠤᠨ᠎ᠤ ᠠᠯᠤᠰ ᠰᠡᠷᠡᠯ᠎ᠦᠨ ᠮᠡᠷᠭᠡᠵᠢᠯ᠎ᠦᠨ ᠬᠡᠷᠡᠭᠯᠡᠭᠡ᠂ ᠱᠠᠯᠠᠪᠳᠠᠭᠤᠯᠤᠨ ᠪᠠᠢᠴᠠᠭᠠᠬᠤ ᠲᠤᠨᠤᠭ ᠲᠥᠬᠦᠭᠡᠷᠦᠮᠵᠢ᠎ᠶᠢᠨ ᠳᠡᠭᠡᠭᠰᠢᠯᠡᠯᠲᠡ ᠪᠣᠯᠣᠨ ᠮᠡᠷᠭᠡᠵᠢᠯ᠎ᠦᠨ ᠳᠡᠮᠵᠢᠯᠭᠡ᠎ᠶᠢᠨ ᠬᠠᠮᠲᠤᠷᠠᠯᠴᠠᠭ᠎ᠠ᠎ᠶᠢᠨ ᠲᠣᠭᠣᠷᠢᠨ᠎ᠳᠤ ᠰᠣᠯᠢᠯᠴᠠᠭ᠎ᠠ ᠥᠷᠨᠢᠭᠦᠯᠵᠦ᠂ ᠣᠶᠤᠨᠴᠢᠯᠠᠭᠰᠠᠨ ᠮᠡᠷᠭᠡᠵᠢᠯ᠎ᠦᠨ ᠲᠤᠷᠰᠢᠯᠭ᠎ᠠ᠎ᠶᠢ ᠬᠤᠪᠢᠶᠠᠯᠴᠠᠵᠤ᠂ ᠬᠠᠲᠠᠭᠤ ᠲᠣᠨᠣᠭ᠎ᠦᠨ ᠪᠠᠲᠤᠯᠠᠭ᠎ᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢᠨ ᠠᠷᠭ᠎ᠠ ᠪᠣᠳᠣᠯᠭ᠎ᠠ ᠵᠡᠷᠭᠡ᠎ᠶᠢ ᠰᠦᠪᠡᠭᠴᠢᠯᠡᠵᠦ᠂ ᠲᠦᠷᠭᠡᠨ ᠴᠤᠤᠷᠢᠶᠠᠲᠤᠬᠤ ᠲᠣᠭᠲᠠᠴᠠ᠂ ᠠᠵᠢᠯᠲᠠᠨ᠎ᠤ ᠪᠣᠯᠪᠠᠰᠤᠷᠠᠯ ᠪᠣᠯᠣᠨ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ ᠵᠡᠷᠭᠡ ᠲᠠᠯ᠎ᠠ᠎ᠪᠠᠷ ᠬᠠᠮᠲᠤᠷᠠᠯᠴᠠᠭ᠎ᠠ ᠰᠣᠯᠢᠯᠴᠠᠭ᠎ᠠ᠎ᠶᠢᠨ ᠡᠷᠴᠢᠮ᠎ᠢᠶᠡᠨ ᠤᠯᠠᠮ ᠴᠢᠨᠠᠭᠰᠢᠳᠠ ᠴᠢᠩᠭᠠᠷᠠᠭᠤᠯᠪᠠ᠃
ᠳᠠᠷᠠᠭ᠎ᠠ ᠡᠳᠦᠷ ᠨᠢ᠂ ᠬᠠᠲᠤᠨ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠡᠨᠡ ᠬᠤᠭᠤᠴᠠᠭᠠᠨ᠎ᠳᠤ᠂ ᠬᠠᠳᠤᠨ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ᠎ᠠᠴᠠ ᠰᠤᠳᠤᠯᠭᠠᠨ᠎ᠤ ᠭᠠᠵᠠᠷ᠎ᠤᠨ ᠳᠣᠲᠣᠷᠠᠬᠢ ᠪᠠᠢᠭᠤᠯᠤᠮᠵᠢ᠎ᠶᠢᠨ ᠪᠠᠢᠷᠢᠯᠠᠭᠤᠯᠤᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ᠎ᠤᠨ ᠲᠣᠢᠮᠣ᠌ ᠪᠠᠢᠳᠠᠯ᠂ ᠭᠣᠣᠯᠳᠠᠯᠭ᠎ᠠ᠎ᠲᠠᠢ ᠰᠤᠳᠤᠯᠭᠠᠨ᠎ᠤ ᠴᠢᠭᠯᠡᠯ ᠵᠢᠴᠢ ᠭᠣᠣᠯ ᠪᠣᠯᠬᠤ ᠦᠷ᠎ᠡ ᠪᠦᠲᠦᠭᠡᠯ ᠵᠡᠷᠭᠡ ᠠᠭᠤᠯᠭ᠎ᠠ᠎ᠶᠢ ᠭᠣᠣᠯᠳᠠᠯᠭ᠎ᠠ ᠲᠠᠢ ᠲᠠᠨᠢᠯᠴᠠᠭᠤᠯᠪᠠ ᠃ ᠬᠣᠶᠠᠷ ᠲᠠᠯ᠎ᠠ᠎ᠪᠠᠷ᠎ᠢᠶᠠᠨ ᠬᠠᠲᠤᠨ ᠭᠣᠣᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠦᠨ ᠠᠮᠢ ᠠᠬᠤᠢ ᠣᠷᠴᠢᠨ ᠲᠣᠭᠣᠷᠢᠨ᠎ᠤ ᠪᠠᠢᠳᠠᠯ᠂ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠤᠨ ᠵᠠᠩᠭᠢᠯᠠᠭ᠎ᠠ᠂ ᠳᠠᠷᠠᠭᠠᠴᠢ᠎ᠶᠢᠨ ᠠᠯᠬᠤᠮ᠎ᠤᠨ ᠰᠤᠳᠤᠯᠭᠠᠨ᠎ᠤ ᠴᠢᠭᠯᠡᠯ ᠵᠡᠷᠭᠡ ᠲᠠᠯ᠎ᠠ᠎ᠪᠠᠷ ᠭᠦᠨᠵᠡᠭᠡᠢ ᠰᠤᠳᠤᠯᠤᠨ ᠶᠠᠷᠢᠯᠴᠠᠪᠠ᠃

ᠲᠣᠰ ᠤᠳᠠᠭ᠎ᠠ᠎ᠶᠢᠨ ᠰᠤᠷᠤᠯᠴᠠᠯᠭ᠎ᠠ ᠨᠢ ᠲᠤᠰᠬᠠᠢ ᠮᠡᠷᠭᠡᠵᠢᠯᠲᠡᠨ᠎ᠦ ᠬᠢᠴᠢᠶᠡᠯ ᠵᠢᠭᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠪᠠ ᠲᠤᠬᠠᠢ᠎ᠶᠢᠨ ᠲᠠᠯᠠᠪᠤᠷ᠎ᠤᠨ ᠮᠠᠳᠠᠭ᠎ᠲᠠᠢ ᠠᠰᠠᠭᠤᠳᠠᠯ᠎ᠢ ᠬᠠᠷᠢᠭᠤᠯᠬᠤ᠎ᠪᠠᠷ ᠳᠡᠮᠵᠢᠨ ᠂ ᠠᠵᠢᠯᠲᠠᠨ᠎ᠤ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠵᠦ ᠂ ᠱᠠᠯᠠᠪᠳᠠᠭᠤᠯᠤᠨ ᠪᠠᠢᠴᠠᠭᠠᠬᠤ ᠪᠠᠲᠤᠯᠠᠭ᠎ᠠ᠎ᠶᠢᠨ ᠬᠠᠷᠠᠭ᠎ᠠ᠎ᠶᠢ ᠥᠷᠭᠡᠳᠬᠡᠨ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ ᠂ ᠱᠠᠯᠠᠪᠳᠠᠭᠤᠯᠤᠨ ᠪᠠᠢᠴᠠᠭᠠᠬᠤ ᠲᠤᠰᠬᠠᠢᠵᠢᠯᠲᠠ ᠂ ᠮᠡᠳᠡᠭᠡ ᠵᠠᠩᠭᠢᠴᠢᠯᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠦ ᠡᠷᠬᠢᠮ ᠨᠠᠨᠳᠢᠨ ᠲᠤᠷᠰᠢᠯᠭ᠎ᠠ ᠬᠠᠩᠭᠠᠪᠠ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号