ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠯᠠᠮ ᠴᠢᠨᠠᠭᠰᠢᠳᠠ ᠪᠠᠲᠤᠳᠬᠠᠬᠤ᠎ᠶᠢᠨ ᠲᠥᠯᠥᠭᠡ᠂ 11 ᠰᠠᠷ᠎ᠠ᠎ᠶᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠦ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠪᠠᠴᠢᠮ ᠪᠠᠢᠳᠠᠯ᠎ᠢ ᠠᠷᠭᠠᠴᠠᠬᠤ ᠪᠠ ᠵᠠᠬᠢᠳᠠᠯ ᠰᠣᠷᠪᠤᠯᠵᠢᠯᠠᠭ᠎ᠠ᠎ᠶᠢᠨ ᠭᠠᠵᠠᠷ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠲᠤᠰᠬᠠᠢ ᠲᠤᠰᠢᠶᠠᠯᠲᠠᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠱᠠᠯᠠᠪᠳᠠᠭᠤᠯᠤᠨ ᠪᠠᠢᠴᠠᠭᠠᠬᠤ ᠮᠡᠷᠭᠡᠵᠢᠯ᠎ᠦᠨ ᠳᠡᠮᠵᠢᠯᠭᠡ᠎ᠶᠢᠨ ᠲᠥᠪ᠎ᠦᠨ ᠨᠠᠮ᠎ᠤᠨ ᠡᠭᠦᠷ᠎ᠡᠴᠡ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠬᠦᠷᠴᠦ 《 ᠦᠵᠡᠭᠳᠡᠯ᠎ᠢᠶᠡᠷ ᠵᠠᠭᠤᠴᠢ ᠪᠣᠯᠭᠠᠵᠤ᠂ ᠪᠦᠯᠬᠦᠮᠳᠡᠯ᠎ᠦᠨ ᠲᠠᠭᠤᠨ᠎ᠢ ᠤᠯᠠᠮᠵᠢᠯᠠᠨ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠶᠢ ᠬᠠᠮᠲᠤᠷᠠᠨ ᠥᠷᠨᠢᠭᠦᠯᠵᠦ᠂ 《 ᠤᠮᠠᠷᠠᠲᠤ ᠬᠢᠯᠢ᠎ᠶᠢ ᠭᠡᠢᠭᠦᠯᠬᠦ·ᠰᠡᠳᠬᠢᠯ᠎ᠢᠶᠡᠨ ᠨᠢᠭᠡᠳᠬᠡᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ︱ᠮᠢᠨᠤ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠯᠢᠬᠡᠷ 》 ᠭᠡᠬᠦ ᠭᠡᠷᠡᠯ ᠵᠢᠷᠤᠭ᠎ᠤᠨ ᠪᠦᠲᠦᠭᠡᠯ᠎ᠦᠨ ᠦᠵᠡᠭᠦᠯᠭᠡ᠎ᠶᠢ ᠰᠣᠨᠢᠷᠬᠠᠪᠠ᠃
ᠲᠣᠰ ᠤᠳᠠᠭᠠᠨ᠎ᠤ ᠦᠵᠡᠰᠬᠦᠯᠡᠩᠳᠦ ᠡᠯ᠎ᠡ ᠠᠢᠮᠠᠭ ᠬᠣᠲᠠ᠎ᠠᠴᠠ ᠢᠷᠡᠭᠰᠡᠨ ᠰᠢᠯᠢᠳᠡᠭ ᠬᠡᠷᠡᠯ ᠵᠢᠷᠤᠭ᠎ᠤᠨ ᠪᠦᠲᠦᠭᠡᠯ᠎ᠢ ᠰᠣᠩᠭᠣᠨ ᠳᠡᠯᠭᠡᠨ ᠦᠵᠡᠭᠦᠯᠵᠡᠢ᠃ ᠡᠭᠦᠨ᠎ᠳᠦ ᠦᠨᠳᠦᠰᠦᠲᠡᠨ᠎ᠦ ᠦᠪᠡᠳᠡᠭᠰᠢ ᠴᠤᠭᠯᠠᠭᠠᠨ᠎ᠤ ᠬᠥᠷ ᠨᠠᠷᠭᠢᠶᠠᠨ᠎ᠲᠠᠢ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠬᠠᠪᠰᠤᠷᠤᠯᠴᠠᠭᠰᠠᠨ ᠰᠡᠳᠬᠢᠯ᠎ᠢ ᠳᠤᠯᠠᠭᠠᠴᠠᠭᠤᠯᠬᠤ ᠭᠱᠠᠨ᠎ᠲᠠᠢ᠂ ᠰᠦᠷᠯᠢᠭ ᠰᠠᠢᠬᠠᠨ ᠥᠷᠭᠡᠨ ᠠᠭᠤᠳᠠᠮ ᠪᠠᠢᠭᠠᠯᠢ᠎ᠶᠢᠨ ᠥᠩᠭᠡ ᠦᠵᠡᠮᠵᠢ᠎ᠲᠠᠢ᠂ ᠬᠥᠮᠥᠨ ᠪᠠᠢᠭᠠᠯᠢ᠎ᠲᠠᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠭ᠍ᠰᠠᠨ ᠰᠠᠢᠨ ᠰᠠᠢᠬᠠᠨ ᠵᠢᠷᠤᠭ ᠳᠦᠷᠰᠦ᠎ᠲᠠᠢ᠃ ᠣᠯᠠᠨ᠎ᠢᠶᠠᠷ᠎ᠢᠶᠠᠨ ᠵᠢᠷᠤᠭ᠎ᠤᠳ᠎ᠤᠨ ᠡᠮᠦᠨ᠎ᠡ ᠲᠦᠷ ᠰᠠᠭᠠᠲᠠᠵᠤ᠂ ᠬᠡᠷᠡᠯ ᠵᠢᠷᠤᠭ᠎ᠲᠠᠬᠢ ᠲᠠᠨᠢᠯ ᠳᠠᠰᠤᠯ ᠲᠠᠯ᠎ᠠ ᠨᠤᠲᠤᠭ᠎ᠤᠨ ᠥᠩᠭᠡ ᠦᠵᠡᠮᠵᠢ᠂ ᠰᠢᠨ᠎ᠡ ᠰᠣᠷᠭᠣᠭ ᠦᠨᠳᠦᠰᠦᠲᠡᠨ᠎ᠦ ᠢᠨᠢᠶᠡᠮᠰᠦᠭ ᠴᠢᠷᠠᠢ᠎ᠳᠤ ᠬᠠᠯᠠᠭᠤᠨ ᠶᠠᠷᠢᠯᠴᠠᠭ᠎ᠠ ᠥᠷᠨᠢᠭᠦᠯᠵᠦ᠂ ᠦᠭᠡ ᠶᠠᠷᠢᠶ᠎ᠠ᠎ᠶᠢᠨ ᠬᠢᠨ ᠳᠤᠮᠳᠠ ᠡᠨᠡ ᠬᠦ᠌ ᠨᠤᠲᠤᠭ ᠳᠡᠪᠢᠰᠬᠡᠷᠲᠦ ᠬᠠᠨᠳᠤᠭᠤᠯᠤᠭᠰᠠᠨ ᠬᠠᠯᠠᠭᠤᠨ ᠬᠠᠢᠷ᠎ᠠ ᠪᠠ ᠣᠮᠣᠭ᠍ᠰᠢᠯ᠎ᠢᠶᠠᠷ ᠪᠢᠯᠬᠠᠵᠤ ᠪᠠᠢᠯ᠎ᠠ᠃
ᠲᠤᠰ ᠤᠳᠠᠭ᠎ᠠ᠎ᠶᠢᠨ ᠨᠠᠮ᠎ᠤᠨ ᠡᠳᠦᠷ᠎ᠦᠨ ᠠᠵᠢᠯᠯᠠᠭ᠎ᠠ ᠨᠢ ᠠᠮᠢᠳᠤᠯᠢᠭ᠋ ᠰᠠᠢᠬᠠᠨ ᠭᠡᠷᠡᠯ ᠵᠢᠷᠤᠭ᠎ᠤᠳ᠎ᠢᠶᠠᠷ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠰᠡᠳᠬᠢᠯ ᠬᠥᠳᠡᠯᠭᠡᠮ᠎ᠡ ᠦᠯᠢᠭᠡᠷ᠎ᠦᠳ᠎ᠢ ᠬᠣᠯᠪᠣᠵᠤ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠨᠦᠭᠦᠳ᠎ᠦᠨ ᠪᠦᠯᠬᠦᠮᠳᠡᠯ᠎ᠦᠨ ᠬᠠᠷᠢᠯᠴᠠᠨ ᠬᠠᠪᠰᠤᠷᠤᠯᠴᠠᠬᠤ ᠰᠢᠨ᠎ᠡ ᠬᠠᠭᠤᠳᠠᠰᠤ᠎ᠶᠢ ᠪᠢᠴᠢᠭᠯᠡᠭᠰᠡᠨ ᠪᠠᠢᠨ᠎ᠠ᠃ ᠤᠯᠠᠨ᠎ᠢᠶᠠᠷ᠎ᠢᠶᠠᠨ᠂ ᠬᠣᠢᠰᠢᠳᠠ ᠠᠵᠢᠯ᠎ᠤᠨ ᠳᠤᠮᠳᠠ᠎ᠪᠠᠨ ᠰᠠᠨᠠᠭᠠᠴᠢᠯᠠᠭ᠎ᠠ᠎ᠠᠴᠠ᠎ᠪᠠᠨ ᠦᠨᠳᠦᠰᠦᠲᠡᠨ᠎ᠦ ᠪᠦᠯᠬᠦᠮᠳᠡᠯ᠎ᠦᠨ ᠦᠢᠯᠡᠳᠦᠯᠭᠡᠵᠢᠭᠦᠯᠦᠭᠴᠢ᠂ ᠤᠯᠠᠮᠵᠢᠯᠠᠭ᠍ᠴᠢ᠂ ᠠᠬᠢᠭᠤᠯᠤᠭ᠍ᠴᠢ ᠪᠣᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠂ ᠤᠮᠠᠷᠠᠲᠤ᠎ᠶᠢᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠪᠡᠬᠢ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃