ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠠᠮᠢ ᠠᠬᠤᠢ᠎ᠶᠢᠨ ᠬᠠᠮᠠᠭᠠᠯᠠᠯᠲᠠ   -   ᠠᠮᠢ ᠠᠬᠤᠢ ᠣᠷᠴᠢᠨ ᠲᠣᠭᠤᠷᠢᠨ᠎ᠢ ᠱᠠᠯᠠᠪᠳᠠᠭᠤᠯᠤᠨ ᠪᠠᠶ᠋ᠢᠴᠠᠭᠠᠬᠤ ᠮᠡᠷᠭᠡᠵᠢᠯ᠎ᠤᠨ ᠳᠡᠮᠵᠢᠯᠭᠡ
ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠨ᠎ᠠ ︱ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠲᠤᠬᠠᠢ ᠲᠥᠷᠥᠯ ᠵᠦᠢᠯ ᠠᠮᠵᠢᠯᠲᠠ ᠲᠠᠢ᠎ᠪᠠᠷ ᠲᠥᠰᠥᠯ᠎ᠳᠦ ᠣᠷᠣᠪᠠ
ᠨᠡᠶ᠋ᠢᠲᠡᠯᠡᠭᠰᠡᠨ ᠴᠠᠭ᠄ 2025-11-08

      ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠲᠠᠨᠢᠯᠴᠠᠭᠤᠯᠤᠭᠰᠠᠨ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠰᠤᠳᠤᠯᠭᠠᠨ᠎ᠤ ᠬᠦᠷᠢᠶᠡᠯᠡᠩ᠎ᠡᠴᠡ ᠲᠦᠷᠦᠭᠦᠯᠡᠨ ᠮᠡᠳᠡᠭᠦᠯᠦᠭᠰᠡᠨ 《 ᠥᠪᠥᠷ ᠮᠣᠩᠭᠣᠯ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠰᠤᠳᠤᠯᠤᠨ ᠨᠡᠭᠡᠭᠡᠯᠲᠡ ᠬᠢᠭᠡᠳ ᠵᠢᠱ᠌ᠢᠶ᠎ᠡ ᠦᠵᠡᠭᠦᠯᠬᠦ 》 ᠲᠥᠷᠥᠯ ᠵᠦᠢᠯ᠎ᠢ ᠠᠮᠵᠢᠯᠲᠠ᠎ᠲᠠᠢ᠎ᠪᠠᠷ ᠲᠥᠰᠥᠯ᠎ᠳᠦ ᠣᠷᠣᠭᠤᠯᠪᠠ ᠃ ᠰᠢᠨᠵᠢᠯᠡᠬᠦ ᠤᠬᠠᠭᠠᠨ ᠮᠡᠷᠭᠡᠵᠢᠯ᠎ᠢᠶᠡᠷ ᠡᠨᠧᠷᠭᠢ ᠣᠯᠭᠣᠬᠤ ᠨᠢ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠢᠨ᠎ᠠ᠂ ᠲᠤᠰ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠰᠬᠠᠢ ᠲᠦᠷᠦᠯ᠎ᠦᠨ ᠪᠡᠯᠡ ᠮᠥᠩᠭᠥ᠎ᠶᠢᠨ 600 ᠲᠦᠮᠡᠨ ᠲᠥᠭᠥᠷᠢᠭ᠎ᠦᠨ ᠳᠡᠮᠵᠢᠯᠭᠡ᠎ᠶᠢ ᠣᠯᠵᠤ᠂ ᠥᠪᠡᠷᠲᠡᠭᠡᠨ 200 ᠲᠦᠮᠡᠨ ᠲᠥᠭᠥᠷᠢᠭ᠎ᠦᠨ ᠪᠡᠯᠡ ᠮᠥᠩᠭᠥ ᠴᠤᠭᠯᠠᠭᠤᠯᠵᠤ᠂ ᠬᠡᠷᠡᠭᠵᠢᠭᠦᠯᠬᠦ ᠦᠶᠡᠯᠡᠯ᠎ᠦᠨ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃
      ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠪᠣᠯ ᠨᠠᠮ᠎ᠤᠨ ᠲᠥᠪ ᠬᠣᠷᠢᠶ᠎ᠠ᠎ᠠᠴᠠ ᠪᠦᠬᠦ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠰᠠᠭᠤᠷᠢᠯᠠᠵᠤ ᠥᠪᠥᠷ ᠮᠣᠩᠭᠣᠯ᠎ᠳᠤ ᠣᠯᠭᠣᠭᠰᠠᠨ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ ᠪᠣᠯᠣᠨ᠎ᠠ᠃ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠣᠨᠣᠯ ᠪᠠᠭᠤᠷᠠᠢ ᠂ ᠦᠨᠡᠯᠡᠨ ᠵᠢᠱ᠌ᠢᠬᠦ ᠮᠡᠷᠭᠡᠵᠢᠯ᠎ᠦᠨ ᠠᠷᠭ᠎ᠠ ᠳᠤᠲᠠᠮᠠᠭ ᠵᠡᠷᠭᠡ ᠬᠢᠨᠠᠯᠲᠠ ᠬᠠᠮᠢᠶᠠᠷᠤᠯᠲᠠ᠎ᠶᠢᠨ ᠬᠦᠴᠢᠷ ᠠᠰᠠᠭᠤᠳᠠᠯ᠎ᠳᠤ ᠴᠢᠭᠯᠡᠭᠦᠯᠦᠨ ᠂ ᠲᠣᠰ ᠲᠥᠷᠥᠯ ᠵᠦᠢᠯ ᠨᠢ 《 ᠪᠦᠲᠦᠴᠡ ︱ ᠶᠠᠪᠤᠴᠠ ︱ ᠴᠢᠳᠠᠮᠵᠢ ︱ ᠦᠢᠯᠡᠴᠢᠯᠡᠭᠡ ︱ ᠦᠷᠭᠦᠯᠵᠢᠯᠡᠬᠦ ᠴᠢᠨᠠᠷ 》᠎ᠤᠨ ᠣᠨᠣᠯ᠎ᠤᠨ ᠪᠣᠷᠣ᠌ ᠲᠥᠯᠥᠪ᠎ᠲᠦ ᠰᠠᠭᠤᠷᠢᠯᠠᠨ ᠂ 《 ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠵᠤ ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠬᠤ 》 ᠣᠢᠯᠠᠭᠠᠭᠳᠠᠬᠤᠨ᠎ᠢ ᠳᠣᠪᠣᠶ᠋ᠢᠯᠭᠠᠵᠤ ᠂ 《 ᠳ᠋ᠠᠢᠲ᠋ᠠ᠎ᠶᠢᠨ ᠰᠠᠭᠤᠷᠢ ᠪᠠ ᠵᠢᠮ᠎ᠡ ᠶᠣᠰᠣ᠌᠎ᠶᠢ ᠢᠯᠭᠠᠨ ᠵᠠᠳᠠᠯᠬᠤ ︱ ᠬᠣᠣᠰᠯᠠᠯ᠎ᠦᠨ ᠬᠠᠷᠢᠴᠠᠭ᠎ᠠ ᠪᠠ ᠠᠰᠠᠭᠤᠳᠠᠯ᠎ᠢ ᠢᠯᠭᠠᠨ ᠲᠠᠨᠢᠬᠤ ︱ ᠬᠢᠨᠠᠨ ᠬᠡᠮᠵᠢᠬᠦ ᠮᠡᠷᠭᠡᠵᠢᠯ᠎ᠢ ᠰᠤᠳᠤᠯᠤᠨ ᠨᠡᠭᠡᠭᠡᠬᠦ ︱ ᠶᠡᠷᠦᠩᠬᠡᠢᠯᠡᠭᠰᠡᠨ ᠬᠤᠷᠠᠮᠠᠯ ᠵᠢᠱ᠌ᠢᠶ᠎ᠡ ᠦᠵᠡᠭᠦᠯᠬᠦ ᠬᠡᠷᠡᠭᠯᠡᠯᠲᠡ 》᠎ᠶᠢᠨ ᠲᠣᠭᠣᠷᠢᠨ᠎ᠳᠤ ᠰᠤᠳᠤᠯᠭᠠᠨ ᠥᠷᠨᠢᠭᠦᠯᠦᠨ᠎ᠡ ᠃ 《 ᠰᠠᠨᠰᠠᠷ ᠣᠭᠲᠠᠷᠭᠤᠢ ᠭᠠᠵᠠᠷ ᠣᠯᠠᠨ ᠡᠬᠢᠲᠦ ᠲᠣᠭ᠎ᠠ ᠪᠠᠷᠢᠮᠲᠠ᠎ᠶᠢ ᠠᠭᠤᠰᠤᠯᠴᠠᠭᠤᠯᠬᠤ ᠵᠠᠩᠭᠢᠯᠠᠭ᠎ᠠ᠎ᠶᠢᠨ ᠪᠣᠯᠵᠣᠯᠲᠤ ᠲᠣᠭ᠎ᠠ᠎ᠶᠢᠨ ᠠᠯᠤᠰ ᠰᠡᠷᠡᠯ᠎ᠦᠨ ᠤᠷᠪᠠᠭᠤᠯᠤᠯᠲᠠ᠎ᠶᠢᠨ ᠮᠡᠷᠭᠡᠵᠢᠯ 》 《 ᠠᠮᠢ ᠠᠬᠤᠢ᠎ᠶᠢᠨ ᠬᠠᠯᠬᠠᠪᠴᠢ᠎ᠶᠢᠨ ᠠᠳᠠᠯᠢ ᠪᠤᠰᠤ ᠴᠢᠳᠠᠮᠵᠢ᠎ᠶᠢᠨ ᠬᠠᠮᠵᠢᠯᠴᠠᠬᠤ ᠪᠠ ᠲᠤᠯᠭᠠᠨ ᠬᠠᠰᠤᠬᠤ ᠦᠢᠯᠡᠳᠦᠯ᠎ᠦᠨ ᠢᠯᠭᠠᠨ ᠲᠠᠨᠢᠬᠤ ᠮᠡᠷᠭᠡᠵᠢᠯ 》 《 ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠢᠨᠵᠧᠨᠧᠷᠢᠩ᠎ᠦᠨ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠶᠢ ᠦᠨᠡᠯᠡᠨ ᠵᠢᠱ᠌ᠢᠬᠦ ᠮᠡᠷᠭᠡᠵᠢᠯ 》 《 ᠰᠠᠨᠰᠠᠷ ᠣᠭᠲᠠᠷᠭᠤᠢ ᠭᠠᠵᠠᠷ ᠨᠢᠭᠡ ᠴᠣᠭᠴᠠᠵᠢᠭ᠍ᠰᠠᠨ ᠠᠮᠢ ᠠᠬᠤᠢ᠎ᠶᠢᠨ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠣᠶᠤᠨᠴᠢ ᠬᠢᠨᠠᠨ ᠬᠡᠮᠵᠢᠬᠦ ᠮᠡᠷᠭᠡᠵᠢᠯ 》 《 ᠰᠠᠨᠰᠠᠷ ᠣᠭᠲᠠᠷᠭᠤᠢ ᠭᠠᠵᠠᠷ ᠨᠢᠭᠡ ᠴᠣᠭᠴᠠᠵᠢᠭ᠍ᠰᠠᠨ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ 》 ᠵᠡᠷᠭᠡ ᠲᠠᠪᠤᠨ ᠵᠦᠢᠯ᠎ᠦᠨ ᠵᠠᠩᠭᠢᠯᠠᠭ᠎ᠠ᠎ᠶᠢᠨ ᠮᠡᠷᠭᠡᠵᠢᠯ᠎ᠢ ᠰᠢᠨ᠎ᠡ᠎ᠶᠢ ᠡᠭᠦᠳᠦᠨ ᠰᠤᠳᠤᠯᠤᠨ ᠨᠡᠭᠡᠭᠡᠵᠦ ᠂ ᠤᠰᠤᠨ᠎ᠤ ᠡᠬᠢ ᠪᠠᠶᠠᠯᠢᠭ᠋᠎ᠤᠨ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠣᠬᠢᠷᠠᠭᠤᠯᠤᠯᠲᠠ ᠪᠠ ᠳᠠᠭᠠᠭᠠᠴᠠ᠎ᠶᠢᠨ ᠵᠠᠭᠠᠭ ᠬᠡᠮᠵᠢᠭᠳᠡᠯ᠎ᠳᠦ ᠰᠠᠭᠤᠷᠢᠯᠠᠭᠰᠠᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠵᠠᠭᠪᠤᠷ᠎ᠢ ᠳᠤᠷᠠᠳᠴᠤ᠂ ᠪᠦᠬᠦ ᠣᠷᠣᠨ ᠪᠦᠰᠡ ︱ ᠵᠠᠩᠭᠢᠯᠠᠭ᠎ᠠ᠎ᠶᠢᠨ ᠠᠮᠢ ᠠᠬᠤᠢ᠎ᠶᠢᠨ ᠣᠷᠣᠨ ︱ ᠢᠨᠵᠧᠨᠧᠷᠢᠩ᠎ᠦᠨ ᠣᠷᠣᠨ᠎ᠤ ᠤᠯᠠᠨ ᠪᠠᠷᠢᠮᠵᠢᠶ᠎ᠠ᠎ᠲᠠᠢ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠰᠢᠰᠲᠧᠮ᠎ᠢ ᠪᠦᠷᠢᠯᠳᠦᠭᠦᠯᠦᠨ᠎ᠡ᠃ ᠲᠥᠷᠥᠯ ᠵᠦᠢᠯ ᠨᠢ ᠪᠠᠰᠠ ᠰᠤᠳᠤᠯᠬᠤ᠎ᠶᠢᠨ ᠳᠠᠭᠠᠤ ᠂ ᠵᠢᠱ᠌ᠢᠶ᠎ᠡ ᠦᠵᠡᠭᠦᠯᠬᠦ᠎ᠶᠢᠨ ᠳᠠᠭᠠᠤ ᠂ ᠬᠡᠷᠡᠭᠯᠡᠬᠦ᠎ᠶᠢᠨ ᠳᠠᠭᠠᠤ ᠮᠡᠷᠭᠡᠵᠢᠯ᠎ᠦᠨ ᠰᠤᠳᠤᠯᠤᠨ ᠨᠡᠭᠡᠭᠡᠯᠲᠡ ᠪᠠ ᠦᠷ᠎ᠡ ᠪᠦᠲᠦᠭᠡᠯ᠎ᠦᠨ ᠬᠡᠷᠡᠭᠯᠡᠭᠡᠨ᠎ᠦ ᠵᠠᠭᠪᠤᠷ᠎ᠢ ᠪᠠᠶ᠋ᠢᠭᠤᠯᠬᠤ᠎ᠪᠠᠷ ᠳᠡᠮᠵᠢᠨ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠬᠡᠮᠵᠢᠶᠡᠵᠢᠭᠦᠯᠦᠨ ᠦᠨᠡᠯᠡᠨ ᠵᠢᠱ᠌ᠢᠬᠦ ᠠᠷᠭ᠎ᠠ᠎ᠶᠢᠨ ᠴᠢᠬᠤᠯᠠ ᠶᠡᠬᠡ ᠰᠢᠪᠲᠤᠯᠤᠯᠲᠠ᠎ᠶᠢ ᠪᠡᠶᠡᠯᠡᠭᠦᠯᠵᠦ ᠂ ᠣᠷᠣᠨ ᠪᠦᠰᠡ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠬᠢᠨᠠᠯᠲᠠ ᠲᠠᠯᠪᠢᠬᠤ ᠪᠠ ᠵᠢᠯᠤᠭᠣᠳᠬᠤ᠎ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠂ ᠪᠥᠬᠥ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠦᠲᠦᠭᠡᠨ ᠪᠠᠢᠭᠤᠯᠤᠯᠲᠠ᠎ᠳᠤ ᠲᠣᠯᠢ ᠪᠣᠯᠭᠠᠵᠤ ᠪᠣᠯᠬᠤ 《 ᠥᠪᠥᠷ ᠮᠣᠩᠭᠣᠯ᠎ᠤᠨ ᠲᠤᠷᠰᠢᠯᠭ᠎ᠠ 》᠎ᠶᠢ ᠨᠡᠮᠡᠷᠢᠯᠡᠨ᠎ᠡ᠃
      ᠲᠠᠷᠠᠭᠠᠴᠢ᠎ᠶᠢᠨ ᠠᠯᠬᠤᠮ᠎ᠳᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠬᠦᠴᠦᠨ ᠵᠦᠢᠯ᠎ᠦᠨ ᠪᠠᠲᠤᠯᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠵᠤ ᠂ ᠲᠥᠷᠥᠯ ᠵᠦᠢᠯ᠎ᠦᠨ ᠬᠡᠷᠡᠭᠵᠢᠭᠦᠯᠦᠯᠲᠡ᠎ᠶᠢ ᠪᠥᠬᠥ ᠬᠦᠴᠦᠨ᠎ᠢᠶᠡᠷ ᠲᠦᠯᠬᠢᠨ ᠠᠬᠢᠭᠤᠯᠵᠤ ᠂ ᠰᠤᠳᠤᠯᠭᠠᠨ᠎ᠤ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠎ᠶᠢ ᠪᠥᠬᠥ ᠲᠠᠯ᠎ᠠ᠎ᠪᠠᠷ ᠲᠦᠷᠭᠡᠳᠬᠡᠨ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠬᠦᠴᠦᠲᠡᠢ ᠮᠡᠷᠭᠡᠵᠢᠯ᠎ᠦᠨ ᠲᠤᠯᠭᠠᠭᠤᠷᠢᠯᠠᠯ ᠪᠠ ᠰᠢᠢᠳᠪᠦᠷᠢᠲᠦ ᠪᠣᠳᠣᠯᠭ᠎ᠠ᠎ᠶᠢᠨ ᠳᠡᠮᠵᠢᠯᠭᠡ ᠬᠠᠩᠭᠠᠵᠤ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠡᠪᠳᠡᠷᠡᠰᠢ ᠦᠭᠡᠢ ᠪᠠᠲᠤ ᠪᠡᠬᠢ ᠪᠠᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号