ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ《ᠡᠷᠭᠢᠨ ᠬᠠᠷᠠᠵᠤ》 ᠬᠠᠷᠢᠭᠤ ᠲᠤᠰᠬᠠᠭᠰᠠᠨ ᠰᠠᠨᠠᠯ᠎ᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠥᠯᠥᠨ ᠨᠠᠭᠤᠷ᠎ᠤᠨ ᠣᠷᠴᠢᠨ ᠲᠣᠭᠣᠷᠢᠨ᠎ᠤ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ ᠪᠠ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠭᠰᠠᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ᠂ 12 ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠤᠷᠴᠢᠨ ᠲᠤᠭᠤᠷᠢᠨ᠎ᠤ ᠬᠠᠮᠢᠶᠠᠷᠤᠯᠳᠠ ᠵᠢᠨ ᠭᠠᠵᠠᠷ᠎ᠤᠨ᠎ᠬᠢᠨ ᠠᠵᠢᠯᠲᠠᠨ ᠵᠶ᠋ᠠᠨ ᠵᠣᠬᠢᠶᠠᠨ ᠪᠠᠶ᠋ᠢᠭᠤᠯᠤᠨ ᠬᠥᠯᠥᠨ ᠪᠤᠶ᠋ᠢᠷ᠎ᠲᠤ ᠣᠴᠢᠵᠤ ᠪᠠᠶ᠋ᠢᠴᠠᠭ᠋ᠠᠨ ᠰᠤᠳᠤᠯᠵᠤ ᠵᠢᠭ᠋ᠠᠨ ᠵᠢᠯᠤᠭᠤᠳᠤᠯᠭ᠎ᠠ ᠬᠢᠪᠡ᠃
ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠵᠠᠯᠠᠶ᠋ᠢᠨᠠᠭᠤᠷ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠴᠢ ᠠᠵᠢᠯᠯᠠᠭ᠋ᠠᠨ᠎ᠤ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠬᠥᠯᠥᠨ ᠨᠠᠭᠤᠷ᠎ᠢ ᠵᠠᠰᠠᠭᠰᠠᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠬᠣᠲᠠ ᠵᠢᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠤᠳᠤᠷᠢᠳᠤᠯᠭ᠎ᠠ᠎ᠲᠠᠢ ᠶᠠᠷᠢᠯᠴᠠᠵᠤ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠴᠢ 《ᠡᠷᠭᠢᠵᠦ ᠬᠠᠷᠠᠬᠤ》᠎ᠳᠤ ᠵᠢᠭ᠋ᠠᠨ ᠭᠠᠷᠭ᠋ᠠᠭᠰᠠᠨ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠬᠠᠮᠢᠶᠠᠷᠤᠯᠲᠠ᠎ᠨᠢ ᠵᠢᠷᠤᠮᠵᠢᠯ ᠦᠭᠡᠢ᠂ ᠬᠣᠲᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠳᠠᠭ᠋ᠠᠭ᠋ᠠᠴᠠ ᠵᠢᠨ ᠨᠣᠷᠮ᠎ᠠ ᠵᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠨᠢ ᠳᠣᠣᠷ᠎ᠠ᠂ ᠬᠥᠯᠥᠨ ᠨᠠᠭᠤᠷ᠎ᠤᠨ ᠶᠡᠷᠦᠩᠬᠡᠢ᠌ᠯᠡᠭᠰᠡᠨ ᠴᠡᠭᠴᠡᠯᠡᠨ ᠵᠠᠰᠠᠯᠳᠠ ᠪᠤᠯᠤᠨ《ᠤᠰᠤᠨ᠎ᠤ ᠠᠷᠪᠠᠨ ᠵᠤᠷᠪᠤᠰ》᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠤᠬᠠᠢ ᠶᠠᠷᠢᠯᠴᠠᠨ ᠰᠠᠨᠠᠯ ᠰᠤᠯᠢᠯᠴᠠᠪᠠ᠃
ᠪᠠᠶ᠋ᠢᠴᠠᠭ᠋ᠠᠨ ᠰᠤᠳᠤᠯᠬᠤ ᠲᠤᠭᠤᠢ᠌ᠯᠠᠩ᠎ᠤᠨ ᠦᠵᠡᠬᠦ᠎ᠪᠠᠷ᠂ ᠬᠥᠯᠥᠨ ᠪᠤᠶ᠋ᠢᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠶᠡᠬᠡ ᠬᠡᠮᠵᠢᠶᠡᠨ᠎ᠤ ᠠᠵᠢᠯ ᠬᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠡᠭᠴᠡᠯᠡᠨ ᠰᠠᠶ᠋ᠢᠵᠢᠷᠠᠭᠤᠯᠬᠤ ᠠᠵᠢᠯ ᠪᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠢᠳᠡᠪᠬᠢᠲᠡᠢ ᠠᠬᠢᠭᠤᠯᠵᠤ᠂ ᠨᠡᠯᠢᠶᠡᠳ ᠰᠠᠶ᠋ᠢᠨ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠡᠭᠦᠨ᠎ᠤ ᠬᠠᠮᠲᠤ᠂ ᠪᠠᠶ᠋ᠢᠴᠠᠭ᠋ᠠᠨ ᠰᠤᠳᠤᠯᠬᠤ ᠲᠤᠭᠤᠢ᠌ᠯᠠᠩ᠎ᠨᠢ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠯᠤᠰ ᠲᠥᠷᠥ ᠵᠢᠨ ᠵᠤᠭᠰᠤᠴᠠ᠎ᠪᠠᠨ ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠠᠰᠠᠭᠤᠳᠠᠯ᠎ᠢ ᠨᠠᠷᠢᠨ ᠬᠢᠨᠠᠮᠠᠭ᠋ᠠᠢ ᠡᠮᠬᠢᠯᠡᠨ᠂ ᠲᠤᠭᠳᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠪᠠᠨ ᠦᠨᠡᠨᠬᠦ ᠪᠡᠶᠡᠯᠡᠭᠦᠯᠬᠦ ᠵᠢᠨ ᠬᠠᠮᠲᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠱᠠᠭ᠋ᠠᠷᠳᠠᠨ᠂ ᠬᠥᠯᠥᠨ ᠨᠠᠭᠤᠷ᠎ᠢ ᠵᠠᠰᠠᠬᠤ ᠪᠠ ᠤᠭᠳᠤᠯᠤᠭ᠋ᠠᠰᠤ ᠵᠢᠨ ᠤᠰᠤᠨ᠎ᠤ ᠴᠢᠨᠠᠷ᠎ᠢ ᠰᠠᠶ᠋ᠢᠵᠢᠷᠠᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ᠂ ᠴᠡᠭᠴᠡᠯᠡᠨ ᠰᠠᠢ᠌ᠵᠢᠷᠠᠭᠤᠯᠬᠤ ᠲᠦᠰᠦᠪ᠎ᠢ ᠨᠠᠷᠢᠨ ᠬᠢᠨᠠᠮᠠᠭ᠋ᠠᠢ ᠰᠤᠳᠤᠯᠵᠤ᠂ ᠬᠦᠯᠦᠨ ᠨᠠᠭᠤᠷ ᠪᠤᠯᠤᠨ ᠬᠠᠢ᠌ᠯᠠᠷ ᠭᠤᠤᠯ᠎ᠤᠨ ᠰᠠᠪᠠ ᠭᠠᠵᠠᠷ᠎ᠲᠤ ᠠᠮᠢ ᠠᠬᠤᠢ ᠵᠢᠨ ᠰᠡᠷᠬᠦᠭᠡᠯᠳᠡ ᠪᠠ ᠠᠮᠢ ᠠᠬᠤᠢ ᠵᠢᠨ ᠵᠠᠰᠠᠯᠳᠠ ᠵᠢᠨ ᠠᠷᠭ᠎ᠠ ᠬᠡᠮᠵᠢᠶ᠎ᠡ ᠠᠪᠴᠤ᠂ ᠵᠠᠰᠠᠯᠳᠠ ᠵᠢᠨ ᠡᠷᠴᠢᠮ ᠵᠢᠡᠨ ᠴᠢᠩᠭ᠋ᠠᠷᠠᠭᠤᠯᠤᠨ᠂ ᠢᠳᠡᠪᠬᠢᠳᠡᠢ᠎ᠪᠠᠷ ᠲᠦᠷᠦᠯ ᠵᠤᠢ᠌ᠯ ᠭᠤᠶᠤᠴᠢᠯᠠᠵᠤ᠂ ᠪᠡᠯᠡ ᠤᠷᠤᠭᠤᠯᠤᠯᠳᠠ᠎ᠪᠠᠨ ᠨᠡᠮᠡᠭᠳᠡᠬᠦᠯᠦᠨ᠂ ᠬᠦᠯᠦᠨ ᠨᠠᠭᠤᠷ ᠪᠤᠯᠤᠨ ᠡᠯ᠎ᠡ ᠭᠤᠤᠯ ᠰᠠᠪᠠ ᠭᠠᠵᠠᠷ᠎ᠤᠨ ᠤᠭᠳᠤᠯᠤᠭ᠋ᠠᠰᠤ ᠵᠢᠨ ᠤᠰᠤᠨ᠎ᠤ ᠴᠢᠨᠠᠷ ᠴᠢᠨᠰᠠᠭ᠎ᠠ ᠵᠢ ᠦᠨᠡᠨᠬᠦ ᠰᠠᠢ᠌ᠵᠢᠷᠠᠭᠤᠯᠬᠤ ᠬᠡᠷᠡᠭᠲᠡᠢ ᠭᠡᠵᠦ ᠴᠢᠩᠭ᠋ᠠᠳᠬᠠᠭᠰᠠᠨ ᠪᠠᠢ᠌ᠨ᠎ᠠ᠃