《ᠭᠤᠷᠪᠠᠨ ᠱᠤᠭᠤᠮ ᠨᠢᠭᠡ ᠬᠠᠭᠤᠳᠠᠰᠤ》 ᠵᠢᠨ ᠦᠷ᠎ᠡ ᠪᠦᠳᠦᠭᠡᠯ᠎ᠢ 《ᠰᠡᠭᠦᠯᠴᠢ ᠵᠢᠨ ᠬᠠᠭ᠋ᠠᠰ ᠵᠣᠬᠢᠶᠠᠯ》᠎ᠳᠤ ᠬᠡᠷᠡᠭᠯᠡᠭᠦ ᠵᠢ ᠰᠠᠢ᠍ᠢ᠍ᠳᠤᠷ ᠬᠢᠵᠤ᠂ 《ᠭᠤᠷᠪᠠᠨ ᠱᠤᠭᠤᠮ ᠨᠢᠭᠡ ᠬᠠᠭᠤᠳᠠᠰᠤ》 ᠵᠢ ᠪᠣᠳᠠᠲᠠᠢ᠍ᠢ᠍ᠵᠢᠭᠤᠯᠤᠨ ᠬᠡᠷᠡᠭᠵᠢᠭᠦᠯᠬᠦ ᠵᠢ ᠦᠨᠡᠨ ᠬᠦ᠌ ᠠᠬᠢᠭᠤᠯᠤᠨ ᠬᠦᠨᠵᠡᠭᠡᠢ᠍ᠢ᠍ᠷᠡᠭᠦᠯᠬᠦ ᠵᠢᠨ ᠲᠥᠯᠥᠭᠡ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠥᠨᠥᠳᠦᠷ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ 11 ᠮᠤᠵᠢ (ᠬᠤᠳᠠ) ᠵᠢᠴᠢ ᠬᠦᠬᠡᠨᠡᠭᠤᠷ ᠮᠤᠵᠢ ᠵᠢᠨ 《ᠭᠤᠷᠪᠠᠨ ᠱᠤᠭᠤᠮ ᠨᠢᠭᠡ ᠬᠠᠭᠤᠳᠠᠰᠤ》 ᠵᠢ ᠪᠣᠳᠠᠲᠠᠢ᠍ᠢ᠍ᠵᠢᠭᠤᠯᠤᠨ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠢ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠶ᠋ᠢᠳ ᠯᠢᠦ ᠬᠤᠸᠠ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠠᠢ᠃
ᠬᠤᠷᠠᠯ᠎ᠠᠴᠠ᠂ ᠣᠳᠣᠬᠠᠨ᠎ᠳᠤ ᠨᠢᠭᠡᠳᠦᠭᠡᠷ ᠵᠠᠯᠭ᠋ᠠᠮᠵᠢ ᠡᠩᠨᠡᠭᠡ ᠵᠢᠨ 12 ᠮᠤᠵᠢ (ᠬᠣᠲᠠ) ᠵᠢᠨ ᠠᠷᠠᠳ᠎ᠤᠨ ᠵᠠᠰᠠᠭ᠎ᠤᠨ ᠣᠷᠳᠣᠨ 《ᠭᠤᠷᠪᠠᠨ ᠱᠤᠭᠤᠮ ᠨᠢᠭᠡ ᠬᠠᠭᠤᠳᠠᠰᠤ》 ᠵᠢ ᠨᠡᠶ᠋ᠢᠲᠡᠯᠡᠬᠦ ᠠᠵᠢᠯ᠎ᠢ ᠪᠦᠬᠦᠨ ᠵᠶ᠋ᠠᠷ᠎ᠨᠢ ᠪᠡᠶᠡᠯᠡᠭᠦᠯᠵᠦ᠂ ᠪᠣᠳᠠᠲᠠᠶ᠋ᠢᠵᠢᠭᠤᠯᠤᠨ ᠬᠡᠷᠡᠭᠵᠢᠭᠦᠯᠬᠦ ᠬᠡᠷᠡᠭᠯᠡᠭᠡᠨ᠎ᠤ ᠱᠠᠲᠤᠨ᠎ᠳᠤ ᠪᠦᠬᠦ ᠲᠠᠯ᠎ᠠ᠎ᠪᠠᠷ ᠣᠷᠣᠵᠠᠶ᠃ ᠬᠣᠶᠠᠳᠤᠭ᠋ᠠᠷ ᠵᠠᠯᠭ᠋ᠠᠮᠵᠢ ᠡᠩᠨᠡᠭᠡ ᠵᠢᠨ 19 ᠮᠤᠵᠢ (ᠣᠷᠣᠨ᠂ ᠬᠣᠲᠠ) ᠵᠢᠴᠢ ᠪᠢᠩᠲ᠋ᠤᠸᠠᠨ᠎ᠤ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠦᠷ᠎ᠡ ᠪᠦᠲᠦᠭᠡᠯ᠎ᠨᠢ ᠨᠢᠭᠡᠨᠲᠡ ᠮᠡᠷᠭᠡᠵᠢᠯ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠪᠡ᠃ ᠡᠯ᠎ᠡ ᠭᠠᠵᠠᠷ᠎ᠤᠨ᠎ᠬᠢᠨ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠬᠦ᠂ ᠨᠠᠷᠢᠯᠢᠬ᠍ᠵᠢᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠲᠤᠯᠭ᠋ᠠᠭᠤᠷᠢᠯᠠᠵᠤ᠂ ᠠᠵᠤ ᠦᠢ᠍ᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠪᠠᠭ᠎ᠠ ᠵᠢᠵᠢᠭ ᠠᠵᠤ ᠠᠬᠤᠶ᠋ᠢᠯᠠᠯ᠎ᠤᠨ ᠬᠥᠭᠵᠢᠯᠲᠡ᠎ᠳᠤ ᠢᠳᠡᠪᠬᠢᠲᠡᠶ ᠦᠢ᠍ᠯᠡᠴᠢᠯᠡᠨ᠂ ᠦᠷ᠎ᠡ ᠪᠦᠲᠦᠭᠡᠯ᠎ᠢ ᠣᠶᠤᠨᠴᠢᠯᠠᠭᠰᠠᠨ ᠬᠡᠷᠡᠭᠯᠡᠭᠡᠨ᠎ᠤ ᠵᠠᠭᠪᠤᠷ᠎ᠢ ᠢᠳᠡᠪᠬᠢᠲᠡᠶ ᠬᠠᠶ᠋ᠢᠨ ᠰᠦᠪᠡᠭᠴᠢᠯᠡᠵᠦ᠂ ᠦᠷ᠎ᠡ ᠪᠦᠲᠦᠭᠡᠯ᠎ᠢ ᠪᠣᠳᠠᠲᠠᠶ᠋ᠢᠵᠢᠭᠤᠯᠤᠨ ᠬᠡᠷᠡᠭᠵᠢᠭᠦᠯᠬᠦ ᠲᠠᠯ᠎ᠠ᠎ᠪᠠᠷ ᠢᠳᠡᠪᠬᠢᠲᠡᠶ ᠠᠬᠢᠴᠠ᠎ᠲᠠᠢ ᠪᠣᠯᠪᠠ᠃ ᠠᠩᠬ᠎ᠠ ᠠᠯᠬᠤᠮ᠎ᠤᠨ ᠪᠦᠷᠢᠳᠬᠡᠯ᠎ᠠᠴᠠ ᠦᠵᠡᠪᠡᠯ᠂ ᠵᠧᠵᠢᠶᠠᠩ᠂ ᠴᠦᠩᠴᠢᠩ ᠵᠡᠷᠭᠡ 11 ᠮᠤᠵᠢ ᠣᠷᠣᠨ ᠨᠢᠭᠡᠨᠲᠡ 《ᠭᠤᠷᠪᠠᠨ ᠱᠤᠭᠤᠮ ᠨᠢᠭᠡ ᠬᠠᠭᠤᠳᠠᠰᠤ》 ᠵᠢ ᠮᠤᠵᠢ ᠵᠢᠨ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠰᠠᠨᠠᠭᠤᠯᠭ᠎ᠠ᠎ᠳᠤ ᠪᠢᠴᠢᠵᠦ ᠣᠷᠣᠭᠤᠯᠤᠭᠰᠠᠨ ᠪᠠᠶ᠋ᠢᠨ᠎ᠠ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠠᠵᠢᠯ ᠠᠮᠵᠢᠯᠲᠠ ᠣᠯᠤᠭᠰᠠᠨ᠎ᠤ ᠬᠠᠮᠲᠤ ᠪᠠᠰᠠ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ᠂ ᠬᠥᠳᠡᠯᠦᠩᠭᠦᠢ᠎ᠪᠠᠷ ᠰᠢᠨᠡᠳᠬᠡᠵᠦ ᠲᠤᠬᠢᠷᠠᠭᠤᠯᠬᠤ ᠲᠣᠭᠲᠠᠴᠠ ᠵᠢᠴᠢ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠪᠠᠲᠤᠯᠠᠭ᠎ᠠ ᠵᠢᠨ ᠲᠣᠭᠲᠠᠴᠠ ᠵᠡᠷᠭᠡ ᠨᠡᠶ᠋ᠢᠲᠡᠯᠢᠭ ᠴᠢᠨᠠᠷᠲᠠᠢ ᠠᠰᠠᠭᠤᠳᠠᠯ᠎ᠤᠳ ᠣᠷᠣᠰᠢᠵᠤ ᠪᠠᠶ᠋ᠢᠨ᠎ᠠ᠃ ᠣᠳᠣᠬᠠᠨ᠎ᠳᠤ᠂ ᠪᠢᠳᠡ ᠰᠢᠨ᠎ᠡ ᠬᠥᠭᠵᠢᠯᠲᠡ ᠵᠢᠨ ᠱᠠᠲᠤᠨ᠎ᠤ ᠰᠢᠨ᠎ᠡ ᠣᠨᠴᠠᠯᠢᠭ᠂ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠵᠦ᠂ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠠᠮᠢ ᠠᠬᠤᠢ ᠣᠷᠴᠢᠨ ᠲᠣᠭᠣᠷᠢᠨ᠎ᠢ ᠣᠷᠣᠨ ᠳᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠵᠢ ᠭᠦᠨᠵᠡᠭᠡᠢ ᠬᠡᠷᠡᠭᠵᠢᠭᠦᠯᠬᠦ᠎ᠨᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠨᠠᠶ᠋ᠢᠳᠠᠪᠤᠷᠢᠵᠢᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠠᠬᠢᠭᠤᠯᠤᠨ ᠪᠦᠷᠢᠯᠳᠦᠭᠦᠯᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠭᠡᠳᠡᠭ᠎ᠢ ᠭᠦᠢ᠍ᠴᠡᠳ ᠲᠠᠨᠢᠬᠤ ᠬᠡᠷᠡᠭᠲᠡᠢ᠃ 《ᠭᠤᠷᠪᠠᠨ ᠱᠤᠭᠤᠮ ᠨᠢᠭᠡ ᠬᠠᠭᠤᠳᠠᠰᠤ》 ᠵᠢ ᠨᠠᠶ᠋ᠢᠷᠠᠭᠤᠯᠤᠨ ᠵᠣᠬᠢᠶᠠᠬᠤ ᠪᠠ ᠨᠡᠶ᠋ᠢᠲᠡᠯᠡᠬᠦ ᠪᠣᠯ ᠰᠠᠭᠤᠷᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠦᠢ᠍ᠯᠡᠳᠦᠯᠭᠡ ᠵᠢᠨ ᠳᠤᠮᠳᠠ ᠬᠡᠷᠡᠭᠯᠡᠭᠡᠨ᠎ᠤ ᠰᠢᠰᠲ᠋ᠧᠮ᠎ᠢ ᠲᠠᠰᠤᠷᠠᠯᠳᠠ ᠦᠭᠡᠢ ᠥᠷᠭᠡᠳᠬᠡᠵᠦ᠂ ᠬᠡᠷᠡᠭᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠰᠢᠨ᠎ᠡ ᠪᠠᠶ᠋ᠢᠳᠠᠯ᠎ᠤᠨ ᠳᠣᠣᠷᠠᠬᠢ ᠠᠮᠢ ᠠᠬᠤᠶ ᠣᠷᠴᠢᠨ ᠳᠤᠭᠤᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠰᠠᠶ᠋ᠢᠲᠤᠷ ᠦᠢ᠍ᠯᠡᠴᠢᠯᠡᠬᠦ ᠬᠡᠷᠡᠭᠲᠡᠶ ᠭᠡᠵᠤ ᠴᠢᠬᠤᠯᠠᠴᠢᠯᠠᠭᠰᠠᠨ ᠪᠠᠢ᠍ᠢ᠍ᠨ᠎ᠠ᠃ ᠡᠭᠦᠨ᠎ᠤ ᠬᠠᠮᠲᠤ᠂ ᠬᠤᠷᠠᠯ᠎ᠠᠴᠠ ᠢᠷᠡᠬᠦ ᠵᠢᠯ᠎ᠤᠨ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠠᠵᠢᠯ᠎ᠳᠤ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠬᠢᠵᠡᠶ᠃
12 ᠮᠤᠵᠢ (ᠬᠣᠲᠠ) ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠨᠠᠷᠢᠨ ᠪᠢᠴᠢᠭ᠎ᠤᠨ ᠳᠠᠷᠤᠭ᠎ᠠ᠂ 12 ᠮᠤᠵᠢ (ᠬᠣᠲᠠ) ᠵᠢᠴᠢ ᠵᠡᠭᠦᠨ ᠬᠣᠶ᠋ᠢᠲᠤ ᠵᠢᠨ ᠭᠤᠷᠪᠠᠨ ᠮᠤᠵᠢ ᠵᠢᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃