ᠢᠷᠡᠯᠲᠡ᠄ ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠶ ᠣᠷᠴᠢᠨ ᠳᠤᠭᠤᠷᠢᠨ᠎ᠤ ᠲᠢᠩᠬᠢᠮ
ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ᠎ᠤ ᠮᠠᠯᠵᠢᠬᠤ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠤᠬᠡᠨ ᠪᠠᠶ᠋ᠢᠭᠤᠯᠤᠯᠲᠠ ᠵᠢᠨ ᠲᠢᠩᠬᠢᠮ ᠬᠠᠮᠲᠤᠷᠠᠨ ᠲᠣᠭᠲᠠᠭ᠋ᠠᠭᠰᠠᠨ ᠣᠷᠣᠨ ᠨᠤᠲᠤᠭ᠎ᠤᠨ ᠪᠠᠷᠢᠮᠵᠢᠶ᠎ᠠ 《ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠥᠬᠥᠭᠡᠷᠦᠮᠵᠢ ᠵᠢᠨ ᠤᠰᠤᠨ᠎ᠤ ᠪᠣᠬᠢᠷᠲᠤᠯ ᠡᠳ᠋᠎ᠢ ᠭᠠᠳᠠᠭᠰᠢᠯᠠᠭᠤᠯᠬᠤ ᠪᠠᠷᠢᠮᠵᠢᠶ᠎ᠠ》 (ᠳᠣᠷᠣᠭᠰᠢ 《ᠪᠠᠷᠢᠮᠵᠢᠶ᠎ᠠ》 ᠭᠡᠵᠦ ᠳᠥᠭᠥᠮᠴᠢᠯᠡᠨ᠎ᠡ) ᠵᠢ 4 ᠰᠠᠷ᠎ᠠ ᠵᠢᠨ 1᠎ᠤ ᠡᠳᠦᠷ ᠵᠢᠩᠬᠢᠨᠢ᠎ᠪᠠᠷ ᠨᠡᠶ᠋ᠢᠲᠡᠯᠡᠪᠡ᠃
《ᠪᠠᠷᠢᠮᠵᠢᠶ᠎ᠠ》᠎ᠨᠢ ᠮᠠᠨ᠎ᠤ ᠣᠷᠣᠨ᠎ᠤ ᠭᠠᠵᠠᠷ ᠣᠷᠣᠨ᠎ᠤ ᠣᠨᠴᠠᠯᠢᠭ ᠪᠠ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠳᠠ ᠵᠢᠨ ᠣᠳᠣᠬᠢ ᠪᠠᠶ᠋ᠢᠳᠠᠯ᠎ᠳᠤ ᠰᠠᠭᠤᠷᠢᠯᠠᠨ᠂ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ᠎ᠪᠠᠷ ᠬᠠᠷᠠᠯᠲᠠ ᠵᠢᠨ ᠵᠢᠯᠣᠭᠣᠳᠤᠮᠵᠢ ᠪᠣᠯᠭ᠋ᠠᠵᠤ᠂ ᠬᠡᠷᠡᠭᠯᠡᠬᠦ ᠬᠡᠪᠴᠢᠶ᠎ᠡ ᠵᠢ ᠲᠣᠳᠣᠷᠬᠠᠶ᠋ᠢᠯᠠᠨ᠂ ᠪᠣᠬᠢᠷᠲᠤᠯ ᠡᠳ᠋᠎ᠤᠨ ᠪᠠᠷᠢᠮᠵᠢᠶ᠎ᠠ ᠲᠠᠰ ᠪᠠ ᠬᠢᠵᠠᠭ᠋ᠠᠷ ᠬᠡᠮᠵᠢᠭᠳᠡᠯ᠂ ᠪᠣᠬᠢᠷ ᠰᠢᠪᠠᠷ᠎ᠤᠨ ᠬᠠᠮᠢᠶᠠᠷᠤᠯᠲᠠ ᠪᠠ ᠬᠢᠨᠠᠨ ᠬᠡᠮᠵᠢᠯᠲᠡ ᠵᠡᠷᠭᠡ ᠱᠠᠭ᠋ᠠᠷᠳᠠᠯᠭ᠎ᠠ ᠵᠢ ᠲᠣᠭᠲᠠᠭ᠋ᠠᠪᠠ᠃ 《ᠪᠠᠷᠢᠮᠵᠢᠶ᠎ᠠ》 ᠵᠢ ᠨᠡᠶ᠋ᠢᠲᠡᠯᠡᠭᠰᠡᠨ᠎ᠨᠢ ᠮᠠᠨ᠎ᠤ ᠣᠷᠣᠨ᠎ᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠳᠠ ᠵᠢᠨ ᠠᠵᠢᠯ ᠨᠠᠩ ᠥᠨᠳᠥᠷ ᠱᠠᠭ᠋ᠠᠷᠳᠠᠯᠭ᠎ᠠ᠂ ᠨᠠᠩ ᠴᠢᠩᠭ᠎ᠠ ᠵᠢᠷᠤᠮᠵᠢᠯ᠎ᠤᠨ ᠱᠠᠲᠤᠨ᠎ᠳᠤ ᠤᠷᠤᠭᠰᠠᠨ᠎ᠢ ᠬᠠᠷᠠᠭᠤᠯᠵᠤ᠂ ᠮᠠᠨ᠎ᠤ ᠣᠷᠣᠨ᠎ᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠳᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠠᠰᠢᠭᠲᠠᠶ ᠪᠠᠶ᠋ᠢᠵᠤ᠂ ᠮᠠᠨ᠎ᠤ ᠣᠷᠣᠨ᠎ᠤ ᠬᠥᠳᠡᠭᠡ ᠲᠣᠰᠬᠣᠨ᠎ᠤ ᠭᠠᠵᠠᠷ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠪᠠ ᠬᠥᠳᠡᠭᠡ ᠳᠤᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠢ᠌ᠨ᠎ᠠ᠃